ᠵᠢᠭᠠᠨ ᠰᠤᠷᠭᠠᠯᠲᠠ
ᠬᠡᠪ ᠴᠢᠨᠠᠷ ᠤᠨ ᠰᠤᠷᠭᠠᠨ ᠬᠥᠮᠦᠵᠢᠯ ᠪᠠ 《 ᠰᠢᠯᠭᠠᠯᠲᠠ ᠶᠢ ᠠᠷᠭᠠᠴᠠᠬᠤ 》 ᠰᠤᠷᠭᠠᠨ ᠬᠥᠮᠦᠵᠢᠯ ᠤᠨ ᠬᠠᠷᠢᠴᠠᠭ᠎ᠠ ᠬᠣᠯᠪᠤᠭ᠎ᠠ ᠶᠢᠨ ᠲᠤᠬᠠᠢ
2017.07.03 ᠲᠣᠰ ᠥᠷᠲᠡᠭᠡᠨ ᠦ ᠨᠠᠢᠷᠠᠭᠤᠯᠤᠭᠴᠢ

ᠬᠡᠪ ᠴᠢᠨᠠᠷ ᠤᠨ ᠰᠤᠷᠭᠠᠨ ᠬᠥᠮᠦᠵᠢᠯ ᠪᠠ 《 ᠰᠢᠯᠭᠠᠯᠲᠠ ᠶᠢ ᠠᠷᠭᠠᠴᠠᠬᠤ 》‍᠎ ᠰᠤᠷᠭᠠᠨ ᠬᠥᠮᠦᠵᠢᠯ ᠤᠨ ᠬᠠᠷᠢᠴᠠᠭ᠎ᠠ ᠬᠣᠯᠪᠤᠭ᠎ᠠ ᠶᠢᠨ ᠲᠤᠬᠠᠢ
                               ᠵᠣᠬᠢᠶᠠᠭᠴᠢ ᠄ ᠰᠠᠷᠠᠩᠡᠷᠡᠯ

   ‍᠎    ᠳ᠋ᠧᠩ ᠰᠢᠶᠣᠣ ᠫᠢᠩ ᠨᠥᠬᠦᠷ ᠤᠨ ᠴᠢᠬᠤᠯᠠᠴᠢᠯᠠᠭᠰᠠᠨ 《 ᠰᠤᠷᠭᠠᠨ ᠬᠥᠮᠦᠵᠢᠯ ᠢ ᠭᠤᠷᠪᠠ ᠳᠤ ᠬᠠᠨᠳᠤᠭᠤᠯᠬᠤ 》
ᠱᠠᠭᠠᠷᠳᠠᠯᠭ᠎ᠠ ᠡᠴᠡ ᠠᠪᠴᠤ ᠦᠵᠡᠭᠰᠡᠨ ᠴᠦ ᠂ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠲᠤᠤᠱᠯᠠᠭᠤᠯᠤᠨ ᠶᠠᠪᠤᠭᠳᠠᠭᠤᠯᠬᠤ ᠪᠣᠯ ᠣᠳᠣᠬᠠᠨ ᠤ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠴᠠᠭ ᠦᠶ᠎ᠡ ᠶᠢᠨ ᠭᠣᠣᠯ ᠰᠡᠳᠦᠪ ᠮᠥᠨ ᠃ ᠨᠠᠮ ᠤᠨ ᠲᠥᠪ ᠬᠣᠷᠢᠶ᠎ᠠ ᠪᠠ ᠲᠥᠷᠦ ᠶᠢᠨ ᠶᠠᠪᠤᠳᠠᠯ ᠤᠨ ᠬᠤᠷᠢᠶᠠᠨ ᠡᠴᠡ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠂ ᠪᠦᠬᠦ ᠨᠠᠮ ᠂ ᠪᠦᠬᠦ ᠨᠡᠢᠭᠡᠮ ᠂ ᠪᠦᠬᠦ ᠠᠷᠠᠳ ᠲᠤ ᠲᠠᠯᠪᠢᠭᠰᠠᠨ ᠲᠤᠯᠭᠠᠮ᠎ᠠ ᠡᠭᠦᠷᠭᠡ ᠱᠠᠭᠠᠷᠳᠠᠯᠭ᠎ᠠ ᠮᠥᠨ ᠃ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠭᠦᠨ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠢᠭ᠎ᠠ ᠣᠳᠣᠬᠠᠨ ᠳᠤ ᠬᠡᠪ ᠴᠢᠨᠠᠷ ᠤᠨ ᠰᠤᠷᠭᠠᠨ ᠬᠥᠮᠦᠵᠢᠯ ᠪᠠ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠨᠢ ᠶᠠᠮᠠᠷ ᠬᠠᠷᠢᠴᠠᠭ᠎ᠠ ᠬᠣᠯᠪᠤᠭ᠎ᠠ ᠲᠠᠢ ᠪᠠᠢᠬᠤ ᠲᠤᠬᠠᠢ ᠥᠪᠡᠷ ᠤᠨ ᠦᠵᠡᠯᠲᠡ ᠪᠠᠨ ᠶᠠᠷᠢᠶ᠎ᠠ ᠃
ᠬᠡᠪ ᠴᠢᠨᠠᠷ ᠤᠨ ᠰᠤᠷᠭᠠᠨ ᠬᠥᠮᠦᠵᠢᠯ ᠢ ᠣᠢᠯᠠᠭᠠᠬᠤ ᠳᠤ ᠶᠠᠭᠤᠨ ᠤ ᠡᠮᠦᠨ᠎ᠡ ᠶᠠᠭᠤ ᠶᠢ ᠬᠡᠪ ᠴᠢᠨᠠᠷ ᠤᠨ ᠰᠤᠷᠭᠠᠨ
ᠬᠥᠮᠦᠵᠢᠯ ᠭᠡᠳᠡᠭ ᠢ ᠣᠢᠯᠠᠭᠠᠬᠤ ᠬᠡᠷᠡᠭᠲᠡᠢ ᠪᠠᠢᠨ᠎ᠠ ᠃ ᠬᠡᠪ ᠴᠢᠨᠠᠷ ᠤᠨ ᠰᠤᠷᠭᠠᠨ ᠬᠥᠮᠦᠵᠢᠯ ᠪᠣᠯ ᠬᠥᠮᠦᠨ ᠤ ᠬᠥᠭᠵᠢᠯᠲᠡ ᠪᠤᠯᠤᠨ ᠨᠡᠢᠭᠡᠮ ᠤᠨ ᠬᠥᠭᠵᠢᠯᠲᠡ ᠶᠢᠨ ᠪᠣᠳᠠᠲᠠᠢ ᠬᠡᠷᠡᠭᠴᠡᠭᠡ ᠶᠢ ᠦᠨᠳᠦᠰᠦᠯᠡᠨ ᠪᠦᠬᠦ ᠰᠤᠷᠤᠭᠴᠢ ᠶᠢᠨ ᠬᠡᠪ ᠴᠢᠨᠠᠷ ᠢ ᠳᠡᠭᠡᠭᠰᠢᠯᠡᠭᠦᠯᠬᠦ ᠪᠠᠷ ᠦᠨᠳᠦᠰᠦᠨ ᠵᠣᠷᠢᠯᠭ᠎ᠠ ᠪᠠᠨ ᠪᠣᠯᠭᠠᠨ ᠰᠤᠷᠤᠭᠴᠢ ᠶᠢᠨ ᠭᠣᠣᠯ ᠴᠣᠭᠴᠠᠲᠤ ᠴᠢᠨᠠᠷ ᠪᠤᠯᠤᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠬᠦᠨᠳᠦᠳᠭᠡᠬᠦ ᠂ ᠬᠥᠮᠦᠨ ᠤ ᠣᠶᠤᠨᠴᠢ ᠳᠠᠯᠳᠠ ᠴᠢᠳᠠᠪᠤᠷᠢ ᠶᠢ ᠨᠡᠭᠡᠭᠡᠬᠦ ᠶᠠᠪᠤᠳᠠᠯ ᠢ ᠴᠢᠬᠤᠯᠠᠴᠢᠯᠠᠬᠤ ᠪᠠᠷ ᠣᠨᠴᠠᠯᠢᠭ ᠢᠶᠠᠨ ᠪᠣᠯᠭᠠᠭᠰᠠᠨ ᠰᠤᠷᠭᠠᠨ ᠬᠥᠮᠦᠵᠢᠯ ᠢ ᠵᠢᠭᠠᠵᠤ ᠪᠠᠢᠨ᠎ᠠ ᠃
       ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠪᠣᠯ ᠮᠠᠨ ᠤ ᠤᠯᠤᠰ ᠤᠨ ᠨᠡᠢᠭᠡᠮ ᠵᠢᠷᠤᠮᠲᠤ
ᠣᠳᠣᠬᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠦᠢᠯᠡᠰ ᠤᠨ ᠬᠡᠷᠡᠭᠴᠡᠭᠡ ᠮᠥᠨ ᠃ ᠲᠡᠷᠡ ᠨᠢ ᠰᠠᠭᠤᠷᠢ ᠰᠤᠷᠭᠠᠨ ᠬᠥᠮᠦᠵᠢᠯ ᠤᠨ ᠰᠢᠨᠵᠢ ᠴᠢᠨᠠᠷ ᠂ ᠵᠣᠷᠢᠯᠲᠠ ᠬᠢᠭᠡᠳ ᠡᠭᠦᠷᠭᠡ ᠶᠢ ᠬᠠᠷᠠᠭᠤᠯᠤᠭᠰᠠᠨ ᠶᠤᠮ ᠃ ᠬᠡᠪ ᠴᠢᠨᠠᠷ ᠤᠨ ᠰᠤᠷᠭᠠᠨ ᠬᠥᠮᠦᠵᠢᠯ ᠢ ᠰᠤᠷᠲᠠᠯᠴᠢᠯᠠᠬᠤ ᠨᠢ ᠣᠳᠣᠬᠠᠨ ᠤ ᠰᠠᠭᠤᠷᠢ ᠰᠤᠷᠭᠠᠨ ᠬᠥᠮᠦᠵᠢᠯ ᠳᠤ ᠣᠷᠤᠰᠢᠵᠤ ᠪᠠᠢᠭ᠎ᠠ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠪᠤᠯᠤᠨ ᠰᠤᠷᠭᠠᠭᠤᠯᠢ ᠳᠠᠪᠰᠢᠬᠤ ᠨᠤᠷᠮ᠎ᠠ ᠶᠢ ᠥᠷᠦᠭᠡᠰᠦᠭᠡᠯ ᠢᠶᠠᠷ ᠬᠦᠬᠡᠭᠡᠴᠡᠯᠳᠤᠬᠦ ᠶᠢ ᠬᠣᠷᠢᠭᠯᠠᠨ ᠵᠣᠭᠰᠤᠭᠠᠬᠤ ᠵᠢᠴᠢ 《 ᠰᠤᠷᠤᠭᠴᠢ ᠶᠢᠨ ᠬᠡᠲᠦ ᠬᠦᠨᠳᠦ ᠰᠤᠷᠤᠯᠭ᠎ᠠ ᠶᠢᠨ ᠳᠠᠷᠤᠭᠠᠰᠤ 》‍᠎ ᠶᠢ ᠬᠥᠩᠭᠡᠯᠡᠬᠦ ᠳᠤ ᠠᠰᠢᠭᠲᠠᠢ ᠪᠠᠢᠵᠤ ᠂ ᠪᠦᠬᠦ ᠲᠠᠯ᠎ᠠ ᠪᠠᠷ ᠬᠥᠭᠵᠢᠭᠦᠯᠬᠦ ᠰᠤᠷᠭᠠᠨ ᠬᠥᠮᠦᠵᠢᠯ ᠢ ᠪᠣᠳᠠᠲᠠᠢ ᠪᠠᠷ ᠨᠠᠶᠢᠳᠠᠪᠤᠷᠢᠵᠢᠭᠤᠯᠬᠤ ᠳᠤ ᠲᠤᠰᠠᠲᠠᠢ ᠶᠤᠮ ᠃ ᠰᠤᠷᠭᠠᠨ ᠬᠥᠮᠦᠵᠢᠯ ᠢ ᠣᠳᠣᠬᠢᠴᠢᠯᠠᠯᠲᠠ ᠲᠡᠰᠢ ᠂ ᠳᠡᠯᠡᠬᠡᠢ ᠲᠡᠰᠢ ᠂ ᠢᠷᠡᠭᠡᠳᠦᠶ ᠲᠡᠰᠢ ᠬᠠᠨᠳᠤᠭᠤᠯᠬᠤ ᠱᠠᠭᠠᠷᠳᠠᠯᠭ᠎ᠠ ᠡᠴᠡ ᠠᠪᠴᠤ ᠬᠡᠯᠡᠪᠡᠯ ᠬᠡᠪ ᠴᠢᠨᠠᠷ ᠤᠨ ᠰᠤᠷᠭᠠᠨ ᠬᠥᠮᠦᠵᠢᠯ ᠢ ᠵᠠᠪᠠᠯ ᠪᠦᠬᠦ ᠲᠠᠯ᠎ᠠ ᠪᠠᠷ ᠶᠠᠪᠤᠭᠳᠠᠭᠤᠯᠬᠤ ᠬᠡᠷᠡᠭᠲᠡᠢ ᠃ ᠡᠨᠡ ᠪᠣᠯ ᠮᠠᠨ ᠤ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠴᠠᠭ ᠦᠶ᠎ᠡ ᠶᠢᠨ ᠭᠣᠣᠯ ᠰᠡᠳᠦᠪ ᠮᠥᠨ ᠂ ᠨᠠᠮ ᠤᠨ ᠲᠥᠪ ᠬᠣᠷᠢᠶ᠎ᠠ ᠪᠤᠯᠤᠨ ᠤᠯᠤᠰ ᠤᠨ ᠶᠠᠪᠤᠳᠠᠯ ᠤᠨ ᠬᠣᠷᠢᠶ᠎ᠠ ᠡᠴᠡ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠂ ᠪᠦᠬᠦ ᠨᠠᠮ ᠂ ᠪᠦᠬᠦ ᠨᠡᠢᠭᠡᠮ ᠂ ᠪᠦᠬᠦ ᠠᠷᠠᠳ ᠲᠤ ᠲᠠᠯᠪᠢᠭᠰᠠᠨ ᠲᠤᠯᠭᠠᠮ᠎ᠠ ᠡᠭᠦᠷᠭᠡ ᠮᠥᠨ ᠃
        ᠨᠢᠭᠡ ᠂ ᠬᠡᠪ ᠴᠢᠨᠠᠷ ᠤᠨ ᠰᠤᠷᠭᠠᠨ ᠬᠥᠮᠦᠵᠢᠯ ᠪᠠ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠤᠨ
ᠬᠣᠯᠪᠤᠭ᠎ᠠ
        ᠠᠳᠡ ᠬᠡᠯᠡᠵᠦ ᠪᠠᠢᠭ᠎ᠠ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠪᠣᠯ ᠬᠥᠮᠦᠨ ᠤ ᠬᠥᠭᠵᠢᠯᠲᠡ ᠪᠠ
ᠨᠡᠢᠭᠡᠮ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠡᠴᠡ ᠬᠡᠯᠪᠡᠶᠢᠭᠰᠠᠨ ᠂ ᠲᠠᠩ ᠭᠠᠭᠴᠠ ᠰᠢᠯᠭᠠᠯᠲᠠ ᠳᠤ ᠥᠨᠳᠦᠷ ᠬᠤᠪᠢ ᠤᠯᠬᠤ ᠪᠠ ᠰᠤᠷᠭᠠᠭᠤᠯᠢ ᠲᠠᠪᠰᠢᠬᠤ ᠨᠤᠷᠮ᠎ᠠ ᠶᠢ ᠥᠷᠦᠭᠡᠰᠦᠭᠡᠯ ᠢᠶᠠᠷ ᠬᠥᠭᠡᠭᠡᠴᠡᠯᠳᠦᠭᠰᠡᠨ ᠰᠤᠷᠭᠠᠨ ᠬᠥᠮᠦᠵᠢᠯ ᠪᠣᠯᠬᠤ ᠶᠤᠮ ᠂ ᠪᠠᠰᠠ 《 ᠤᠯᠠᠮᠵᠢᠯᠠᠯᠲᠤ ᠰᠤᠷᠭᠠᠨ ᠬᠥᠮᠦᠵᠢᠯ 》‍᠎ ᠭᠡᠵᠦ ᠬᠡᠯᠡᠵᠦ ᠪᠣᠯᠬᠤ ᠶᠤᠮ ᠃ ᠬᠡᠪ ᠴᠢᠨᠠᠷ ᠤᠨ ᠰᠤᠷᠭᠠᠨ ᠬᠥᠮᠦᠵᠢᠯ ᠭᠡᠳᠡᠭ ᠪᠣᠯ ᠬᠥᠮᠦᠨ ᠤ ᠬᠥᠭᠵᠢᠯᠲᠡ ᠪᠠ ᠨᠡᠢᠭᠡᠮ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠶᠢ ᠦᠨᠳᠦᠰᠦᠯᠡᠨ ᠪᠦᠬᠦ ᠰᠤᠷᠤᠭᠴᠢ ᠶᠢᠨ ᠦᠨᠳᠦᠰᠦᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠵᠣᠷᠢᠯᠭ᠎ᠠ ᠪᠠᠨ ᠪᠣᠯᠭᠠᠨ ᠰᠤᠷᠤᠭᠴᠢ ᠶᠢᠨ ᠭᠣᠣᠯ ᠴᠣᠭᠴᠠᠲᠤ ᠴᠢᠨᠠᠷ ᠪᠠ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠬᠦᠨᠳᠦᠳᠭᠡᠬᠦ ᠂ ᠬᠥᠮᠦᠨ ᠤ ᠣᠶᠤᠨᠴᠢ ᠳᠠᠯᠳᠠ ᠴᠢᠳᠠᠪᠤᠷᠢ ᠶᠢ ᠨᠡᠭᠡᠭᠡᠬᠦ ᠶᠠᠪᠤᠳᠠᠯ ᠢ ᠴᠢᠬᠤᠯᠠᠴᠢᠯᠠᠨ ᠬᠥᠮᠦᠨ ᠤ ᠡᠷᠡᠭᠦᠯ ᠰᠠᠷᠠᠭᠤᠯ ᠥᠪᠡᠷᠮᠢᠴᠡ ᠴᠢᠨᠠᠷ ᠢ ᠪᠤᠢ ᠪᠣᠯᠭᠠᠬᠤ ᠶᠠᠪᠤᠳᠠᠯ ᠢ ᠴᠢᠬᠤᠯᠠᠴᠢᠯᠠᠬᠤ ᠪᠠᠷ ᠦᠨᠳᠦᠰᠦᠨ ᠣᠨᠴᠠᠯᠢᠭ ᠢᠶᠠᠨ ᠪᠣᠯᠭᠠᠭᠰᠠᠨ ᠰᠤᠷᠭᠠᠨ ᠬᠥᠮᠦᠵᠢᠯ ᠢ ᠵᠢᠭᠠᠵᠤ ᠪᠠᠢᠨ᠎ᠠ ᠃
《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠪᠣᠯ ᠰᠠᠭᠤᠷᠢ ᠰᠤᠷᠭᠠᠨ ᠬᠥᠮᠦᠵᠢᠯ ᠢ ᠪᠦᠬᠦ ᠪᠠᠭᠠᠴᠤᠳ
ᠬᠡᠦᠬᠡᠳ ᠲᠤ ᠬᠠᠨᠳᠤᠭᠤᠯᠬᠤ ᠂ ᠠᠮᠢᠳᠤ ᠴᠣᠪᠤᠭᠤᠯᠢᠭ ᠰᠤᠷᠭᠠᠨ ᠬᠥᠮᠦᠵᠢᠯ ᠢ ᠬᠡᠷᠡᠭᠵᠢᠭᠦᠯᠬᠦ ᠡᠨᠡᠬᠦ ᠣᠨᠴᠠᠭᠠᠢ ᠴᠢᠨᠠᠷ ᠲᠤ ᠬᠢᠭᠰᠡᠨ ᠦᠬᠡᠶᠢᠰᠭᠡᠯ ᠮᠥᠨ ᠂ ᠭᠡᠲᠡᠯ᠎ᠡ ᠬᠡᠪ ᠴᠢᠨᠠᠷ ᠤᠨ ᠰᠤᠷᠭᠠᠨ ᠬᠥᠮᠦᠵᠢᠯ ᠢ ᠪᠣᠯ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠲᠠᠢ ᠬᠠᠷᠢᠴᠠᠭᠤᠯᠵᠤ ᠳᠤᠷᠠᠳᠴᠤ ᠭᠠᠷᠭᠠᠭᠰᠠᠨ ᠶᠤᠮ ᠂ ᠳᠠᠷᠤᠢ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠳᠤ ᠬᠢᠭᠰᠡᠨ ᠦᠭᠡᠶᠢᠰᠭᠡᠯ ᠮᠥᠨ ᠂ ᠡᠢᠮᠦ ᠡᠴᠡ ᠬᠡᠪ ᠴᠢᠨᠠᠷ ᠤᠨ ᠰᠤᠷᠭᠠᠨ ᠬᠥᠮᠦᠵᠢᠯ ᠪᠣᠯ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠤᠨ ᠠᠴᠢ ᠬᠣᠯᠪᠤᠭᠳᠠᠯ ᠳᠡᠭᠡᠷᠡᠬᠢ ᠰᠠᠭᠤᠷᠢ ᠰᠤᠷᠭᠠᠨ ᠬᠥᠮᠦᠵᠢᠯ ᠮᠥᠨ ᠃ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠨᠢ ᠬᠠᠭᠤᠴᠢᠷᠠᠮᠠᠯ ᠬᠣᠴᠤᠷᠤᠩᠭᠤᠢ ᠰᠤᠷᠭᠠᠨ ᠬᠥᠮᠦᠵᠢᠯ ᠤᠨ ᠦᠵᠡᠯ ᠰᠠᠨᠠᠭ᠎ᠠ ᠶᠢ ᠲᠤᠰᠭᠠᠵᠤ ᠂ ᠬᠡᠪ ᠴᠢᠨᠠᠷ ᠤᠨ ᠰᠤᠷᠭᠠᠨ ᠬᠥᠮᠦᠵᠢᠯ ᠤᠨ ᠲᠤᠰᠭᠠᠵᠤ ᠪᠠᠢᠭ᠎ᠠ ᠨᠢ ᠬᠠᠷᠢᠨ ᠣᠳᠣᠬᠢ ᠰᠤᠷᠭᠠᠨ ᠬᠥᠮᠦᠵᠢᠯ ᠤᠨ ᠦᠵᠡᠯ ᠰᠠᠨᠠᠭ᠎ᠠ ᠪᠣᠯᠬᠤ ᠶᠤᠮ ᠃ ᠥᠨᠦᠳᠦᠷ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠢ ᠦᠭᠡᠶᠢᠰᠬᠡᠭᠰᠡᠨ ᠨᠢ ᠶᠠᠭᠠᠬᠢᠭᠰᠠᠨ ᠴᠦ ᠪᠦᠬᠦᠯᠢ ᠴᠣᠭᠴᠠ ᠶᠢᠨ ᠰᠤᠷᠭᠠᠨ ᠬᠥᠮᠦᠵᠢᠯ ᠤᠨ ᠦᠢᠯᠡᠳᠦᠯᠭᠡ ᠶᠢ ᠦᠭᠡᠶᠢᠰᠬᠡᠵᠤ ᠪᠠᠢᠭ᠎ᠠ ᠶᠠᠪᠤᠳᠠᠯ ᠴᠦ ᠪᠢᠰᠢ ᠂ ᠬᠠᠷᠢᠨ ᠤᠯᠠᠮᠵᠢᠯᠠᠯᠲᠤ ᠰᠤᠷᠭᠠᠨ ᠬᠥᠮᠦᠵᠢᠯ ᠳᠤ ᠣᠷᠤᠰᠢᠵᠤ ᠪᠠᠢᠭ᠎ᠠ ᠰᠢᠯᠭᠠᠯᠲᠠ ᠳᠤ ᠣᠷᠤᠯᠴᠠᠬᠤ ᠪᠠᠷ ᠵᠣᠷᠢᠯᠭ᠎ᠠ ᠪᠣᠯᠭᠠᠭᠰᠠᠨ ᠴᠥᠭᠡᠨ ᠲᠣᠭᠠᠨ ᠤ ᠬᠢ ᠶᠢ ᠥᠷᠦᠭᠡᠰᠦᠭᠡᠯ ᠢᠶᠠᠷ ᠴᠢᠬᠤᠯᠠᠴᠢᠯᠠᠵᠤ ᠂ ᠣᠯᠠᠩᠬᠢ ᠲᠣᠭᠠᠨ ᠤ ᠬᠢ ᠶᠢ ᠤᠮᠳᠤᠭᠠᠶᠢᠯᠠᠭᠰᠠᠨ ᠬᠡᠮ ᠠᠷᠬᠠᠭ ᠲᠤ ᠴᠢᠭᠯᠡᠭᠦᠯᠦᠨ ᠳᠤᠷᠠᠳᠴᠤ ᠭᠠᠷᠭᠠᠭᠰᠠᠨ ᠶᠤᠮ ᠃ ᠰᠢᠯᠭᠠᠯᠲᠠ ᠨᠢ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠲᠠᠢ ᠠᠳᠠᠯᠢ ᠦᠭᠡᠢ ᠂ ᠬᠡᠪ ᠴᠢᠨᠠᠷ ᠤᠨ ᠰᠤᠷᠭᠠᠨ ᠬᠥᠮᠦᠵᠢᠯ ᠨᠢ ᠰᠢᠯᠭᠠᠯᠲᠠ ᠪᠠᠢᠬᠤ ᠦᠭᠡᠢ ᠶᠠᠪᠤᠳᠠᠯ ᠴᠦ ᠪᠢᠰᠢ ᠂ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠶᠤᠮ ᠤᠤ ᠂ ᠬᠡᠪ ᠴᠢᠨᠠᠷ ᠤᠨ ᠰᠤᠷᠭᠠᠨ ᠬᠥᠮᠦᠵᠢᠯ ᠶᠤᠮ ᠤᠤ ᠭᠡᠳᠡᠭ ᠢ ᠢᠯᠭᠠᠬᠤ ᠳᠠᠭᠠᠨ ᠭᠣᠣᠯᠳᠠᠭᠤ ᠰᠤᠷᠭᠠᠨ ᠬᠥᠮᠦᠵᠢᠯ ᠤᠨ ᠦᠵᠡᠯ ᠰᠠᠨᠠᠭ᠎ᠠ ᠂ ᠰᠤᠷᠭᠠᠨ ᠬᠥᠮᠦᠵᠢᠯ ᠤᠨ ᠠᠷᠭ᠎ᠠ ᠮᠠᠶᠢᠭ ᠂ ᠰᠤᠷᠭᠠᠨ ᠬᠥᠮᠦᠵᠢᠯ ᠤᠨ ᠴᠢᠭᠯᠡᠯᠲᠡ ᠪᠠ ᠰᠤᠷᠭᠠᠨ ᠬᠥᠮᠦᠵᠢᠯ ᠤᠨ ᠵᠢᠮ᠎ᠡ ᠬᠠᠤᠯᠢ ᠵᠡᠷᠭᠡ ᠲᠠᠯ᠎ᠠ ᠡᠴᠡ ᠢᠯᠭᠠᠨ ᠲᠣᠳᠤᠯᠠᠬᠤ ᠬᠡᠷᠡᠭᠲᠡᠢ ᠃ ᠡᠢᠮᠦ ᠡᠴᠡ ᠬᠡᠪ ᠴᠢᠨᠠᠷ ᠤᠨ ᠰᠤᠷᠭᠠᠨ ᠬᠥᠮᠦᠵᠢᠯ ᠪᠣᠯ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠤᠨ ᠬᠦᠷᠢᠶ᠎ᠡ ᠬᠡᠪᠴᠢᠶᠡᠨ ᠤ ᠭᠦᠨ ᠭᠦᠨᠵᠡᠭᠡᠢ ᠬᠤᠪᠢᠰᠤᠯ ᠮᠥᠨ ᠃ ᠪᠦᠬᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠵᠦ ᠂ ᠤᠯᠠᠨ ᠲᠠᠯ᠎ᠠ ᠶᠢᠨ ᠴᠢᠳᠠᠪᠤᠷᠢᠲᠠᠨ ᠢ ᠬᠥᠮᠦᠵᠢᠭᠦᠯᠬᠦ ᠱᠠᠭᠠᠷᠳᠠᠯᠭ᠎ᠠ ᠮᠥᠨ ᠂ ᠪᠠᠰᠠ ᠴᠦ ᠠᠵᠤ ᠠᠬᠤᠢ ᠶᠢᠨ ᠬᠥᠭᠵᠢᠯᠲᠡ ᠪᠠ ᠨᠡᠢᠭᠡᠮ ᠤᠨ ᠪᠦᠬᠦ ᠲᠠᠯ᠎ᠠ ᠶᠢᠨ ᠲᠠᠪᠰᠢᠯᠳᠡ ᠶᠢᠨ ᠬᠡᠷᠡᠭᠴᠡᠭᠡ ᠮᠥᠨ ᠃
       ᠬᠣᠶᠠᠷ ᠂ ᠬᠡᠪ ᠴᠢᠨᠠᠷ ᠤᠨ ᠰᠤᠷᠭᠠᠨ ᠬᠥᠮᠦᠵᠢᠯ ᠪᠠ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠤᠨ
ᠢᠯᠭᠠᠭ᠎ᠠ
       ᠬᠡᠪ ᠴᠢᠨᠠᠷ ᠤᠨ ᠰᠤᠷᠭᠠᠨ ᠬᠥᠮᠦᠵᠢᠯ ᠪᠠ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠢ ᠠᠳᠠᠯᠢᠳᠭᠠᠵᠤ
ᠬᠠᠷᠢᠴᠠᠭᠤᠯᠪᠠᠯ ᠳᠣᠣᠷᠠᠬᠢ ᠮᠡᠲᠦ ᠬᠡᠳᠦᠨ ᠲᠠᠯ᠎ᠠ ᠶᠢᠨ ᠢᠯᠭᠠᠭ᠎ᠠ ᠲᠠᠢ ᠃
1᠎ ᠂ ᠵᠣᠷᠢᠯᠭ᠎ᠠ ᠨᠢ ᠠᠳᠠᠯᠢ ᠦᠭᠡᠢ ᠃ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠨᠢ ᠳᠡᠭᠡᠳᠦ ᠨᠢᠭᠡ
ᠵᠡᠷᠭᠡ ᠰᠤᠷᠭᠠᠭᠤᠯᠢ ᠶᠢᠨ ᠰᠣᠩᠭᠤᠬᠤ ᠬᠡᠷᠡᠭᠴᠡᠭᠡ ᠲᠠᠢ ᠵᠣᠬᠢᠴᠠᠭᠤᠯᠬᠤ ᠶᠢ ᠪᠣᠳᠤᠯᠬᠢᠯᠠᠭᠰᠠᠨ ᠰᠢᠯᠭᠠᠯᠲᠠ ᠶᠢ ᠠᠷᠭᠠᠴᠠᠬᠤ ᠪᠣᠯᠪᠠᠰᠤᠷᠠᠯ ᠂ ᠴᠢᠳᠠᠪᠤᠷᠢᠲᠠᠨ ᠢ ᠰᠢᠯᠢᠬᠦ ᠪᠠᠷ ᠵᠣᠷᠢᠯᠭ᠎ᠠ ᠪᠠᠨ ᠪᠣᠯᠭᠠᠵᠤ ᠂ ᠠᠮᠵᠢᠯᠲᠠ ᠂ ᠦᠷ᠎ᠡ ᠪᠦᠲᠦᠮᠵᠢ ᠳᠤ ᠶᠠᠭᠠᠷᠠᠬᠤ ᠂ ᠣᠬᠤᠷ ᠬᠤᠭᠤᠴᠠᠭᠠᠨ ᠤ ᠦᠢᠯᠡ ᠠᠵᠢᠯᠯᠠᠭ᠎ᠠ ᠶᠢ ᠬᠡᠷᠡᠭᠵᠢᠭᠦᠯᠳᠡᠭ ᠃ ᠭᠡᠲᠡᠯ᠎ᠡ ᠬᠡᠪ ᠴᠢᠨᠠᠷ ᠤᠨ ᠰᠤᠷᠭᠠᠨ ᠬᠥᠮᠦᠵᠢᠯ ᠨᠢ ᠨᠡᠢᠭᠡᠮ ᠤᠨ ᠬᠥᠭᠵᠢᠯᠲᠡ ᠪᠠ ᠬᠥᠮᠦᠨ ᠤ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ ᠂ ᠪᠦᠬᠦ ᠠᠷᠠᠳ ᠢᠷᠭᠡᠳ ᠤᠨ ᠬᠡᠪ ᠴᠢᠨᠠᠷ ᠢ ᠳᠡᠭᠡᠭᠰᠢᠯᠡᠭᠦᠯᠬᠦ ᠪᠠᠷ ᠰᠠᠨᠠᠭᠠᠰᠢᠷᠠᠵᠤ ᠤᠷᠳᠤ ᠬᠤᠭᠤᠴᠠᠭᠠᠨ ᠤ ᠦᠢᠯᠡ ᠠᠵᠢᠯᠯᠠᠭ᠎ᠠ ᠶᠢ ᠭᠡᠷᠡᠭᠵᠢᠬᠦᠯᠦᠨ ᠂ ᠰᠤᠷᠭᠠᠨ ᠬᠥᠮᠦᠵᠢᠯ ᠤᠨ ᠤᠷᠳᠤ ᠬᠤᠭᠤᠴᠠᠭᠠᠨ ᠤ ᠠᠰᠢᠭ ᠲᠤᠰᠠ ᠶᠢ ᠬᠦᠭᠡᠭᠡᠴᠡᠯᠳᠦᠳᠡᠭ ᠃
2᠎ ᠂ ᠰᠢᠨᠵᠢ ᠴᠢᠨᠠᠷ ᠨᠢ ᠠᠳᠠᠯᠢ ᠦᠭᠡᠢ ᠃ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠪᠣᠯ ᠵᠦᠷᠢᠶᠡᠳᠤ
ᠴᠢᠨᠠᠷ ᠤᠨ ᠰᠤᠷᠭᠠᠨ ᠬᠥᠮᠦᠵᠢᠯ ᠳᠤ ᠬᠠᠷᠢᠶᠠᠯᠠᠭᠳᠠᠨ᠎ᠠ ᠃ ᠲᠡᠷᠡ ᠨᠢ ᠴᠥᠭᠡᠨ ᠲᠣᠭᠠᠨ ᠤ ᠰᠤᠷᠤᠭᠴᠢᠳ ᠲᠤ ᠬᠠᠨᠳᠤᠬᠤ ᠡᠴᠡ ᠪᠣᠯᠵᠤ ᠂ ᠣᠯᠠᠩᠬᠢ ᠲᠣᠭᠠᠨ ᠤ ᠰᠤᠷᠤᠭᠴᠢᠳ ᠢ ᠣᠮᠲᠤᠭᠠᠢᠯᠠᠵᠤ ᠪᠠᠢᠳᠠᠭ ᠃ ᠬᠡᠪ ᠴᠢᠨᠠᠷ ᠤᠨ ᠰᠤᠷᠭᠠᠨ ᠬᠥᠮᠦᠵᠢᠯ ᠪᠣᠯ ᠨᠡᠢᠲᠡᠯᠢᠭ ᠴᠢᠨᠠᠷ ᠤᠨ ᠰᠤᠷᠭᠠᠨ ᠬᠥᠮᠦᠵᠢᠯ ᠳᠤ ᠬᠠᠷᠢᠶᠠᠯᠠᠭᠳᠠᠨ᠎ᠠ ᠃ ᠪᠦᠬᠦ ᠰᠤᠷᠤᠭᠴᠢᠳ ᠲᠤ ᠬᠠᠨᠳᠤᠭᠤᠯᠬᠤ ᠶᠢᠨ ᠳᠠᠭᠠᠤ ᠰᠤᠷᠤᠭᠴᠢ ᠨᠢᠭᠡᠪᠦᠷᠢ ᠶᠢᠨ ᠲᠡᠭᠦᠯᠳᠡᠷ ᠬᠥᠭᠵᠢᠯᠲᠡ ᠶᠢ ᠠᠬᠢᠭᠤᠯᠬᠤ ᠪᠠᠷ ᠬᠦᠴᠦᠯᠡᠨ ᠴᠢᠷᠮᠠᠶᠢᠳᠠᠭ ᠃
3᠎ ᠂ ᠡᠭᠦᠷᠭᠡ ᠨᠢ ᠠᠳᠠᠯᠢ ᠦᠭᠡᠢ ᠃ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠪᠣᠯ ᠰᠤᠷᠭᠠᠨ
ᠬᠥᠮᠦᠵᠢᠭᠦᠯᠬᠦ ᠳᠤ ᠲᠣᠬᠢᠷᠠᠮᠵᠢᠲᠠᠢ ᠰᠤᠷᠤᠭᠴᠢ ᠶᠢ ᠰᠣᠩᠭᠤᠵᠤ ᠬᠡᠷᠡᠭᠴᠡᠭᠡ ᠪᠠᠨ ᠦᠨᠳᠦᠰᠦᠯᠡᠨ ᠲᠡᠳᠡᠨᠦᠰ ᠲᠤ ᠪᠣᠯᠪᠠᠰᠤᠷᠠᠯ ᠬᠢᠵᠦ ᠳᠡᠭᠡᠳᠦ ᠨᠢᠭᠡ ᠲᠡᠰ ᠤᠨ ᠰᠤᠷᠭᠠᠭᠤᠯᠢ ᠳᠤ ᠤᠷᠤᠭᠰᠢᠲᠠᠢ ᠤᠷᠤᠭᠤᠯᠬᠤ᠋ ᠪᠠᠷ ᠬᠦᠴᠦᠯᠡᠨ ᠴᠢᠷᠮᠠᠶᠢᠳᠠᠭ ᠃ ᠬᠡᠪ ᠴᠢᠨᠠᠷ ᠤᠨ ᠰᠤᠷᠭᠠᠨ ᠬᠥᠮᠦᠵᠢᠯ ᠨᠢ ᠰᠤᠷᠤᠭᠴᠢ ᠨᠢᠭᠡᠪᠦᠷᠢ ᠳᠤ ᠲᠣᠬᠢᠷᠠᠬᠤ ᠰᠤᠷᠭᠠᠨ ᠬᠥᠮᠦᠵᠢᠯ ᠢ ᠬᠠᠩᠭᠠᠨ ᠥᠭᠴᠦ ᠂ ᠰᠤᠷᠭᠠᠨ ᠬᠥᠮᠦᠵᠢᠯ ᠬᠦᠷᠳᠡᠭᠰᠡᠳ ᠤᠨ ᠳᠠᠯᠳᠠ ᠬᠦᠴᠦᠨ ᠢ ᠳᠡᠭᠡᠳᠦ ᠬᠡᠮᠵᠢᠶ᠎ᠡ ᠪᠠᠷ ᠨᠡᠭᠡᠭᠡᠬᠦ ᠪᠠᠷ ᠴᠢᠷᠮᠠᠶᠢᠨ ᠂ ᠰᠤᠷᠤᠭᠴᠢ ᠶᠢᠨ ᠬᠥᠮᠦᠨ ᠪᠤᠯᠤᠨ ᠬᠦᠮᠦᠵᠢᠭᠳᠡᠵᠤ ᠴᠢᠳᠠᠬᠤ ᠂ ᠡᠷᠳᠡᠮ ᠰᠤᠷᠴᠤ ᠴᠢᠳᠠᠬᠤ ᠂ ᠬᠦᠳᠡᠯᠮᠦᠷᠢᠯᠡᠵᠤ ᠴᠢᠳᠠᠬᠤ ᠂ ᠪᠡᠶ᠎ᠡ ᠮᠠᠬᠠᠪᠤᠳ ᠢᠶᠠᠨ ᠳᠠᠪᠲᠠᠨ ᠪᠣᠯᠪᠠᠰᠤᠷᠠᠭᠤᠯᠵᠤ ᠴᠢᠳᠠᠬᠤ ᠂ ᠠᠮᠢᠳᠤᠷᠠᠵᠤ ᠴᠢᠳᠠᠬᠤ ᠂ ᠭᠤᠸ᠎ᠠ ᠰᠠᠶᠢᠬᠠᠨ ᠪᠠᠢᠵᠤ ᠴᠢᠳᠠᠬᠤ ᠪᠣᠯᠭᠠᠨ ᠂ ᠲᠡᠭᠦᠨ ᠤ ᠨᠡᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠬᠤ ᠡᠯ᠎ᠡ ᠵᠦᠢᠯ ᠤᠨ ᠬᠡᠪ ᠴᠢᠨᠠᠷ ᠢ ᠳᠡᠭᠡᠭᠰᠢᠯᠡᠭᠦᠯᠳᠡᠭ ᠃
4᠎ ᠂ ᠰᠤᠷᠭᠠᠨ ᠬᠥᠮᠦᠵᠢᠯ ᠤᠨ ᠲᠣᠭᠲᠠᠯᠴᠠᠭ᠎ᠠ ᠨᠢ ᠠᠳᠠᠯᠢ ᠦᠭᠡᠢ ᠃ 《 ᠰᠢᠯᠭᠠᠯᠲᠠ ᠶᠢ ᠠᠷᠭᠠᠴᠠᠬᠤ ᠰᠤᠷᠭᠠᠨ
ᠬᠥᠮᠦᠵᠢᠯ 》‍᠎ ᠤᠨ ᠴᠣᠭᠴᠠᠯᠠᠨ ᠪᠦᠲᠦᠭᠡᠵᠦ ᠪᠠᠢᠭ᠎ᠠ ᠨᠢ ᠮᠡᠳᠡᠯᠭᠡ ᠶᠢᠨ ᠰᠢᠰᠲ᠋ᠧᠮ ᠢᠶᠠᠷ ᠭᠣᠣᠯ ᠪᠣᠯᠭᠠᠭᠰᠠᠨ ᠰᠤᠷᠭᠠᠨ ᠬᠥᠮᠦᠵᠢᠯ ᠤᠨ ᠲᠣᠭᠲᠠᠯᠴᠠᠭ᠎ᠠ ᠪᠣᠯᠬᠤ ᠶᠤᠮ ᠃ ᠰᠢᠯᠭᠠᠯᠲᠠ ᠳᠤ ᠣᠷᠤᠯᠴᠠᠬᠤ ᠬᠡᠷᠡᠭᠴᠡᠭᠡ ᠶᠢᠨ ᠲᠣᠭᠤᠷᠢᠨ ᠳᠤ ᠶᠠᠭᠤ ᠰᠢᠯᠭᠠᠪᠠᠯ ᠲᠡᠭᠦᠨ ᠢ ᠵᠢᠭᠠᠵᠤ ᠂ ᠪᠦᠷᠢᠨ ᠪᠦᠲᠦᠨ ᠪᠣᠯᠬᠤ ᠰᠤᠷᠭᠠᠨ ᠬᠥᠮᠦᠵᠢᠯ ᠢ ᠬᠡᠷᠡᠭᠵᠢᠭᠦᠯᠳᠡᠭ ᠃ ᠬᠡᠪ ᠴᠢᠨᠠᠷ ᠤᠨ ᠰᠤᠷᠭᠠᠨ ᠬᠥᠮᠦᠵᠢᠯ ᠨᠢ ᠣᠳᠣᠬᠢ ᠬᠢᠴᠢᠶᠡᠯ ᠤᠨ ᠣᠨᠤᠯ ᠢᠶᠠᠷ ᠵᠢᠯᠤᠭᠤᠳᠤᠯᠭ᠎ᠠ ᠪᠣᠯᠭᠠᠨ ᠰᠢᠨᠵᠢᠯᠡᠭᠡᠨ ᠤ ᠰᠠᠯᠠᠭ᠎ᠠ ᠶᠢᠨ ᠬᠢᠴᠢᠶᠡᠯ ᠂ ᠠᠵᠢᠯᠯᠠᠭᠠᠨ ᠤ ᠬᠢᠴᠢᠶᠡᠯ ᠤᠨ ᠪᠦᠲᠦᠴᠡ ᠪᠠᠷ ᠦᠨᠳᠦᠰᠦᠨ ᠬᠡᠯᠪᠡᠷᠢ ᠮᠠᠶᠢᠭ ᠪᠣᠯᠭᠠᠵᠤ ᠂ ᠰᠤᠷᠤᠭᠴᠢ ᠳᠤ ᠯᠠᠪᠳᠠᠭᠤᠨ ᠬᠢᠨᠠᠮᠠᠭᠠᠢ ᠮᠡᠳᠡᠯᠭᠡ ᠵᠢᠭᠠᠵᠤ ᠥᠭᠳᠡᠭ ᠢᠶᠠᠷ ᠪᠠᠷᠠᠬᠤ ᠦᠭᠡᠢ ᠂ ᠪᠠᠰᠠ ᠲᠡᠳᠡᠨ ᠤ ᠦᠢᠯᠡ ᠠᠵᠢᠯᠯᠠᠭ᠎ᠠ ᠪᠤᠯᠤᠨ ᠴᠢᠳᠠᠪᠤᠷᠢ ᠶᠢ ᠬᠥᠮᠦᠵᠢᠭᠦᠯᠬᠦ ᠶᠠᠪᠤᠳᠠᠯ ᠢ ᠨᠡᠩ ᠴᠢᠬᠤᠯᠠᠴᠢᠯᠠᠳᠠᠭ ᠃ ᠴᠣᠭᠴᠠᠯᠠᠨ ᠪᠦᠲᠦᠭᠡᠵᠦ ᠪᠠᠢᠭ᠎ᠠ ᠨᠢ ᠬᠥᠮᠦᠨ ᠤ ᠬᠥᠭᠵᠢᠯᠲᠡ ᠶᠢ ᠠᠬᠢᠭᠤᠯᠬᠤ ᠪᠠᠷ ᠭᠣᠣᠯᠳᠠᠯᠭ᠎ᠠ ᠪᠣᠯᠭᠠᠭᠰᠠᠨ ᠰᠤᠷᠭᠠᠨ ᠬᠥᠮᠦᠵᠢᠯ ᠤᠨ ᠲᠣᠭᠲᠠᠯᠴᠠᠭ᠎ᠠ ᠪᠣᠯᠬᠤ ᠶᠤᠮ ᠃
5᠎ ᠂ ᠱᠠᠭᠠᠷᠳᠠᠯᠭ᠎ᠠ ᠨᠢ ᠠᠳᠠᠯᠢ ᠦᠭᠡᠢ ᠃ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠪᠣᠯ
ᠰᠤᠷᠭᠠᠭᠤᠯᠢ ᠶᠢᠨ ᠠᠯᠢᠪᠠ ᠠᠵᠢᠯ ᠨᠢ ᠴᠥᠮ ᠰᠢᠯᠭᠠᠯᠲᠠ ᠳᠤ ᠪᠡᠯᠡᠳᠭᠡᠬᠦ ᠡᠨᠡᠬᠦ ᠭᠣᠣᠯᠳᠠᠯᠭ᠎ᠠ ᠶᠢᠨ ᠲᠣᠭᠤᠷᠢᠨ ᠳᠤ ᠶᠠᠪᠤᠭᠳᠠᠬᠤ ᠶᠢ ᠱᠠᠭᠠᠷᠳᠠᠵᠤ ᠂ ᠵᠥᠪᠬᠡᠨ ᠰᠤᠷᠤᠭᠴᠢ ᠶᠢᠨ ᠮᠡᠳᠡᠯᠭᠡ ᠶᠢᠨ ᠬᠤᠷᠠᠮᠳᠤᠯᠭ᠎ᠠ ᠂ ᠰᠢᠯᠭᠠᠯᠲᠠ ᠶᠢ ᠠᠷᠭᠠᠴᠠᠬᠤ ᠤᠷ᠎ᠠ ᠴᠢᠳᠠᠪᠤᠷᠢ ᠪᠤᠯᠤᠨ ᠬᠤᠪᠢ ᠶᠢ ᠴᠢᠬᠤᠯᠠᠴᠢᠯᠠᠳᠠᠭ ᠃ ᠰᠤᠷᠤᠭᠴᠢ ᠶᠢᠨ ᠬᠥᠭᠵᠢᠯᠲᠡ ᠪᠤᠯᠤᠨ ᠢᠷᠡᠭᠡᠳᠦᠢ ᠶᠢ ᠤᠮᠳᠤᠭᠠᠶᠢᠯᠠᠵᠤ ᠂ ᠰᠤᠷᠭᠠᠨ ᠬᠥᠮᠦᠵᠢᠯ ᠢ ᠵᠤᠭᠰᠤᠩᠬᠢᠷᠠᠭᠤᠯᠤᠭᠰᠠᠨ ᠤ ᠬᠠᠮᠲᠤ ᠬᠤᠪᠢ ᠪᠠᠷ ᠴᠤᠷ ᠤᠨ ᠭᠠᠭᠴᠠ ᠬᠡᠮᠵᠢᠭᠦᠷ ᠪᠣᠯᠭᠠᠨ 《 ᠨᠢᠭᠡᠯᠡ ᠬᠡᠷᠴᠢᠮ 》‍᠎ ᠢᠶᠠᠷ ᠶᠠᠪᠤᠭᠳᠠᠬᠤ ᠶᠢ ᠭᠡᠷᠡᠭᠵᠢᠭᠦᠯᠵᠠᠢ ᠃ ᠬᠡᠪ ᠴᠢᠨᠠᠷ ᠤᠨ ᠰᠤᠷᠭᠠᠨ ᠬᠥᠮᠦᠵᠢᠯ ᠨᠢ ᠬᠠᠷᠢᠨ ᠰᠤᠷᠤᠭᠴᠢ ᠶᠢᠨ ᠢᠯᠭᠠᠭ᠎ᠠ ᠶᠢ ᠡᠬᠢ ᠪᠠᠶᠠᠯᠢᠭ ᠤᠨ ᠳᠠᠯᠳᠠ ᠴᠢᠳᠠᠪᠤᠷᠢ ᠶᠢᠨ ᠳᠠᠪᠠᠭᠤᠯᠢᠭ ᠢᠶᠠᠷ ᠦᠵᠡᠨ ᠤᠯᠠᠮ ᠢᠶᠠᠷ ᠨᠡᠬᠡᠬᠡᠵᠤ ᠂ ᠠᠪᠢᠶᠠᠰ ᠲᠤᠨᠢ ᠲᠣᠬᠢᠷᠠᠭᠤᠯᠤᠨ ᠵᠢᠭᠠᠵᠤ ᠂ ᠰᠤᠷᠤᠭᠴᠢ ᠳᠠᠭᠠᠨ ᠲᠣᠬᠢᠷᠠᠭᠤᠯᠤᠨ ᠵᠢᠭᠠᠵᠤ ᠥᠪᠡᠷᠮᠢᠴᠡ ᠴᠢᠨᠠᠷ ᠢ ᠨᠢ ᠪᠦᠷᠢᠨ ᠲᠡᠭᠦᠯᠳᠡᠷ ᠪᠣᠯᠭᠠᠨ᠎ᠠ ᠃
6᠎ ᠂ ᠠᠷᠭ᠎ᠠ ᠨᠢ ᠠᠳᠠᠯᠢ ᠦᠭᠡᠢ ᠃ 《 ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ 》‍᠎ ᠨᠢ ᠮᠡᠳᠡᠯᠭᠡ
ᠴᠢᠳᠭᠤᠬᠤ ᠶᠠᠪᠤᠳᠠᠯ ᠢ ᠥᠷᠦᠭᠡᠰᠦᠭᠡᠯ ᠢᠶᠠᠷ ᠴᠢᠬᠤᠯᠠᠴᠢᠯᠠᠳᠠᠭ ᠪᠣᠯᠬᠣᠷ ᠰᠤᠷᠭᠠᠭᠤᠯᠢ ᠶᠢᠨ ᠬᠠᠷᠠᠭᠠᠨ ᠲᠡᠯᠠᠴᠠ ᠬᠠᠭᠠᠭᠳᠠᠮᠠᠯ ᠢᠪᠴᠤᠤ ᠪᠠᠢᠵᠤ ᠂ ᠬᠤᠪᠢ ᠨᠢ ᠵᠢᠭᠠᠨ ᠰᠤᠷᠭᠠᠬᠤ ᠠᠷᠭ᠎ᠠ ᠨᠢ ᠬᠡᠪᠰᠢᠮᠡᠯ ᠪᠥᠭᠡᠳ ᠲᠠᠩ ᠴᠤᠯᠭᠤᠢ ᠂ ᠰᠢᠯᠭᠠᠯᠲᠠ ᠨᠢ ᠳᠠᠷᠤᠢ ᠭᠠᠭᠴᠠ ᠦᠨᠡᠯᠡᠬᠦ ᠠᠷᠭ᠎ᠠ ᠪᠠᠷᠢᠯ ᠪᠣᠯᠵᠤ ᠂ ᠵᠢᠭᠠᠨ ᠰᠤᠷᠭᠠᠬᠤ ᠶᠢᠨ ᠴᠤᠷ ᠤᠨ ᠭᠠᠭᠴᠠ ᠬᠦᠬᠡᠭᠡᠴᠡᠯᠳᠤᠯ ᠪᠣᠯᠵᠤ ᠂ ᠰᠤᠷᠤᠭᠴᠢ ᠰᠠᠨᠠᠭᠠᠴᠢᠯᠠᠭᠠᠲᠤ ᠪᠤᠰᠤ ᠪᠠᠢᠳᠠᠯ ᠳᠤ ᠣᠷᠤᠰᠢᠵᠤ ᠂ ᠦᠬᠦᠮᠡᠯ ᠢᠶᠠᠷ ᠨᠣᠮ ᠤᠩᠰᠢᠳᠠᠭ ᠃ ᠬᠡᠪ ᠴᠢᠨᠠᠷ ᠤᠨ ᠰᠤᠷᠭᠠᠨ ᠬᠥᠮᠦᠵᠢᠯ ᠨᠢ ᠬᠠᠷᠢᠨ 《 ᠬᠣᠣᠰ ᠰᠠᠭᠤᠷᠢ 》‍᠎ ᠶᠢ ᠴᠢᠬᠤᠯᠠᠴᠢᠯᠠᠭᠰᠠᠨ ᠂ ᠵᠠᠩ ᠰᠤᠷᠲᠠᠯ ᠢ ᠴᠣᠭᠴᠠᠯᠠᠨ ᠪᠦᠲᠦᠭᠡᠵᠦ ᠂ ᠦᠵᠡᠯ ᠰᠡᠳᠭᠢᠯᠭᠡ ᠶᠢ ᠬᠥᠮᠦᠵᠢᠭᠦᠯᠦᠨ ᠪᠤᠶᠢᠵᠢᠭᠤᠯᠵᠤ ᠂ ᠴᠢᠳᠠᠪᠤᠷᠢ ᠶᠢ ᠬᠥᠮᠦᠵᠢᠭᠦᠯᠵᠦ ᠂ ᠰᠤᠷᠤᠭᠴᠢ ᠶᠢ ᠰᠠᠨᠠᠭᠠᠴᠢᠯᠠᠭ᠎ᠠ ᠲᠠᠢ ᠠᠮᠢᠳᠤ ᠴᠣᠪᠤᠭᠤᠯᠢᠭ ᠬᠥᠭᠵᠢᠵᠦ ᠴᠢᠳᠠᠬᠤ ᠪᠣᠯᠭᠠᠳᠠᠭ ᠃
ᠢᠷᠡᠯᠲᠡ ᠄ ᠤᠯᠠᠭᠠᠨᠬᠠᠳᠠ  ᠮᠣᠩᠭᠤᠯ ᠰᠦᠯᠵᠢᠶ᠎ᠡ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )