ᠨᠡᠷᠡᠳᠤ ᠪᠠᠭᠰᠢ ᠶᠢᠨ ᠲᠠᠪᠴᠠᠩ
ᠬᠤᠳᠠ ᠶᠢᠨ ᠲᠡᠤᠬᠡ ᠶᠢᠨ ᠬᠢᠴᠢᠶᠡᠯ  ᠦᠨ ᠲᠠᠭᠠᠭᠤᠯᠤᠭᠴᠢ ᠪᠠᠶᠠᠨ᠎ᠠ
2016.05.19 ᠲᠣᠰ ᠥᠷᠲᠡᠭᠡᠨ ᠦ ᠨᠠᠢᠷᠠᠭᠤᠯᠤᠭᠴᠢ

 

 

 

    

 

    ᠪᠠᠶᠠᠨ᠎ᠠ ᠂ 1957 ᠤᠨ  ᠊ᠤ᠌ 3 ᠰᠠᠷ᠎ᠠ ᠵᠢᠨ 11  ᠊ᠤ᠌ ᠡᠳᠦᠷ ᠤᠩᠨᠢᠭᠤᠳ ᠬᠤᠰᠢᠭᠤᠨ  ᠤ ᠠᠰᠢᠬᠠᠨ ᠰᠤᠮᠤᠨ ᠤ ᠪᠠᠶᠠᠨ ᠤᠪᠤᠭ᠎ᠠ ᠭᠠᠴᠠᠭ᠎ᠠ ᠵᠢᠨ ᠮᠠᠯᠴᠢᠨ ᠰᠠᠩᠵᠠᠢᠵᠠᠪ ᠂ ᠤᠶᠤᠨᠵᠢᠷᠦᠬᠡ ᠵᠢᠨ ᠤᠳᠬᠠᠨ ᠬᠦᠪᠡᠬᠦᠨ ᠪᠤᠯᠵᠤ ᠵᠠᠶᠠᠭᠠᠵᠠᠢ ᠃ ᠪᠠᠭ᠎ᠠ ᠰᠤᠷᠭᠠᠭᠤᠯᠢ ᠂ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ  ᠪᠠᠨ ᠠᠰᠢᠬᠠᠨ ᠰᠤᠮᠤ ᠵᠢᠨ ᠶᠡᠷᠦᠩᠬᠡᠢ ᠰᠤᠷᠭᠠᠭᠤᠯᠢ ᠳᠤ ᠲᠡᠬᠦᠰᠬᠡᠵᠤ ᠂ ᠲᠡᠬᠡᠳᠦ ᠲᠤᠮᠳᠠᠳᠤ ᠪᠠᠨ ᠬᠠᠢᠯᠠᠰᠤ ᠳᠠᠬᠢ ᠮᠤᠩᠭᠤᠯ ᠲᠤᠮᠳᠠᠳᠤ ᠰᠤᠷᠭᠠᠭᠤᠯᠢ ᠳᠤ ᠦᠵᠡᠪᠡ ᠃ 1977—1982 ᠤᠨ ᠪᠣᠯᠲᠠᠯ᠎ᠠ ᠠᠷᠠᠳ ᠡᠴᠠ ᠡᠷᠬᠢᠯᠡᠭᠰᠡᠨ ᠪᠠᠭᠰᠢ ᠶᠢᠨ ᠬᠤᠪᠢ ᠪᠡᠷ ᠡᠬᠡ ᠰᠤᠷᠭᠠᠭᠤᠯᠢ — ᠠᠰᠢᠬᠠᠨ ᠶᠡᠷᠦᠩᠬᠡᠢ ᠰᠤᠷᠭᠠᠭᠤᠯᠢ ᠳᠤ ᠪᠠᠭᠰᠢᠯᠠᠪᠠ ᠃ ᠨᠨᠨ ᠬᠤᠭᠤᠴᠠᠭᠠᠨ ᠳᠤ ᠲᠡᠷᠡ ᠠᠩᠬ᠎ᠠ ᠲᠤᠮᠳᠠᠳᠤ ᠶᠢᠨ ᠬᠢᠳᠠᠳ ᠬᠡᠯᠡ ᠂ ᠲᠡᠤᠬᠡ ᠂ ᠭᠠᠵᠠᠷ ᠵᠦᠢ ᠂ ᠤᠯᠤᠰ ᠲᠦᠷᠦ ᠂ ᠹᠢᠽᠢᠣᠯᠣᠭᠢ ᠂ ᠠᠮᠢᠳᠤ ᠪᠤᠳᠠᠰ ᠂ ᠵᠢᠷᠤᠭ ᠬᠡᠬᠦ ᠮᠡᠳᠤ ᠵᠢᠨ ᠬᠢᠴᠢᠶᠡᠯ ᠲᠦᠷᠦᠯ  ᠢ ᠵᠢᠭᠠᠭᠰᠠᠨ ᠮᠦᠷᠳᠡᠬᠡᠨ ᠠᠩᠬᠢ ᠶᠢᠨ ᠡᠷᠬᠢᠯᠡᠭᠴᠢ ᠂ ᠬᠤᠰᠢᠭᠤᠴᠢ ᠠᠩᠬᠢ ᠵᠢᠨ ᠬᠠᠪᠰᠤᠷᠤᠨ ᠵᠢᠯᠤᠭᠤᠳᠤᠭᠴᠢ ᠂ ᠨᠤᠮ ᠤᠨ ᠦᠷᠦᠬᠡ  ᠶᠢᠨ ᠬᠠᠮᠢᠶᠠᠷᠤᠭᠴᠢ ᠵᠡᠷᠬᠡ ᠠᠵᠢᠯ  ᠤᠳ ᠢ ᠬᠠᠪᠰᠤᠷᠭᠠᠵᠤ ᠪᠠᠢᠪᠠ᠃

    1980  ᠤᠨ ᠦ ᠨᠠᠮᠤᠷ ᠯᠢᠨᠳᠦ᠋ᠩ  ᠳᠡᠬᠢ ᠪᠠᠭᠰᠢ ᠶᠢᠨ ᠰᠤᠷᠭᠠᠭᠤᠯᠢ  ᠳᠤ ᠰᠢᠯᠭᠠᠨ ᠤᠷᠤᠵᠤ ᠰᠤᠷᠤᠯᠴᠠᠭᠠᠳ ᠂ 1982 ᠤᠨ ᠤ 7 ᠰᠠᠷ᠎ᠠ  ᠳᠤ ᠡᠩ  ᠦᠨ ᠪᠠᠭᠰᠢ ᠵᠢᠨ ᠠᠩᠬᠢ ᠠᠴᠠ ᠲᠡᠬᠦᠰᠴᠤ ᠪᠠᠭᠰᠢ ᠵᠢᠨ ᠠᠵᠢᠯ ᠢᠶᠠᠨ ᠵᠢᠩᠬᠢᠨᠢᠴᠢᠯᠡᠪᠡ ᠃ ᠪᠠᠭᠰᠢ ᠶᠢᠨ ᠬᠢᠷᠢ ᠬᠡᠮ ᠵᠢᠡᠨ ᠲᠡᠬᠡᠭᠰᠢᠯᠡᠬᠦᠯᠬᠦ ᠪᠡᠷ 1985—1988 ᠤᠨ ᠪᠣᠯᠲᠠᠯ᠎ᠠ ᠤᠯᠠᠭᠠᠨᠬᠠᠳᠠ ᠵᠢᠨ ᠰᠤᠷᠭᠠᠨ ᠬᠦᠮᠦᠵᠢᠯ ᠦᠨ ᠲᠡᠬᠡᠳᠦ ᠰᠤᠷᠭᠠᠭᠤᠯᠢ ᠳᠤ ᠵᠠᠬᠢᠳᠠᠯ ᠵᠢᠡᠷ ᠰᠤᠷᠤᠯᠴᠠᠨ ᠲᠡᠬᠡᠳᠦ ᠵᠡᠷᠬᠡ ᠵᠢᠨ ᠲᠤᠰᠠᠬᠠᠢ ᠮᠡᠷᠬᠡᠵᠢᠯ  ᠦᠨ ᠰᠤᠷᠤᠯᠭ᠎ᠠ ᠵᠢᠨ ᠨᠠᠮᠳᠠᠷ ᠲᠠᠢ ᠪᠤᠯᠵᠠᠢ ᠃ 1984 ᠤᠨ  ᠳᠤ ᠠᠵᠢᠯ  ᠤᠨ ᠲᠣᠬᠢᠷᠠᠭᠤᠯᠭ᠎ᠠ  ᠪᠠᠷ ᠪᠤᠷᠤᠬᠤᠳᠠ ᠮᠤᠩᠭᠤᠯ ᠲᠤᠮᠳᠠᠳᠤ ᠰᠤᠷᠭᠠᠭᠤᠯᠢ  ᠳᠤ ᠰᠢᠯᠵᠢᠨ ᠢᠷᠡᠵᠤ ᠲᠡᠤᠬᠡ  ᠶᠢᠨ ᠪᠠᠭᠰᠢ ᠪᠤᠯᠵᠠᠢ ᠃ ᠡᠨᠡ ᠬᠤᠭᠤᠴᠠᠭᠠᠨ ᠳᠦ ᠲᠡᠷᠡ ᠲᠡᠤᠬᠡ  ᠶᠢᠨ ᠵᠢᠭᠠᠨ ᠰᠤᠷᠭᠠᠯᠳᠠ  ᠵᠢᠨ ᠬᠠᠮᠢᠶ᠎ᠠ  ᠲᠠᠢ ᠤᠯᠠᠨ ᠦᠬᠦᠯᠡᠯ ᠵᠤᠬᠢᠶᠠᠯ ᠨᠡᠢᠳᠡᠯᠡᠬᠦᠯᠵᠤ ᠦᠩᠬᠡᠷᠡᠪᠡ ᠃ 《 ᠴᠢᠷᠮᠠᠢᠯᠭ᠎ᠠ ᠬᠦᠮᠤᠨ  ᠢ ᠭᠤᠮᠤᠳᠠᠭᠠᠬᠤ ᠦᠬᠡᠢ 》ᠬᠡᠳᠡᠭᠴᠢᠯᠡᠨ ᠲᠡᠷᠡ  2001 ᠤᠨ  ᠤ ᠨᠠᠮᠤᠷ ᠪᠣᠯᠲᠠᠯ᠎ᠠ ᠰᠤᠷᠭᠠᠭᠤᠯᠢ ᠶᠢᠨ ᠲᠡᠤᠬᠡ ᠭᠠᠵᠠᠷ ᠵᠦᠢ  ᠵᠢᠨ ᠲᠤᠭᠤᠢᠯᠠᠩ  ᠤ᠋ᠨ ᠳᠠᠷᠤᠭ᠎ᠠ ᠂ ᠤᠯᠤᠰ ᠲᠦᠷᠦ ᠬᠦᠮᠦᠵᠢᠯ ᠤᠨ ᠡᠷᠬᠢᠯᠡᠭᠴᠢ ᠂ ᠬᠢᠴᠢᠶᠡᠯ ᠬᠦᠮᠦᠵᠢᠯ  ᠦᠨ ᠡᠷᠬᠢᠯᠡᠭᠴᠢ ᠵᠢᠨ ᠲᠤᠰᠢᠶᠠᠯ  ᠢ ᠤᠷᠢᠳ ᠬᠤᠵᠢᠳ ᠬᠠᠷᠢᠭᠤᠴᠠᠵᠤ ᠦᠩᠬᠡᠷᠡᠭᠰᠡᠨ ᠪᠦᠬᠡᠳ ᠬᠤᠰᠢᠭᠤᠨ  ᠊ᠤ᠌ ᠰᠢᠯᠢᠳᠡᠭ ᠵᠢᠭᠠᠨ ᠰᠤᠷᠭᠠᠬᠤ ᠴᠢᠳᠠᠪᠤᠷᠢᠳᠠᠨ ᠂ ᠬᠤᠳᠠ ᠶᠢᠨ ᠲᠡᠤᠬᠡ  ᠶᠢᠨ ᠬᠢᠴᠢᠶᠡᠯ  ᠦᠨ ᠲᠤᠯᠤᠭᠠᠢᠯᠠᠭᠴᠢ ᠂ ᠪᠦᠬᠦ ᠤᠯᠤᠰ ᠤᠨ 《 ᠵᠠᠭᠤᠨ ᠰᠤᠨᠳᠠᠯᠠᠭᠰᠠᠨ ᠴᠢᠳᠠᠪᠤᠷᠢᠳᠠᠨ 》ᠵᠡᠷᠬᠡ ᠠᠯᠳᠠᠷ ᠴᠤᠯᠠ ᠤᠯᠵᠤ ᠂ 2004 ᠤᠨ ᠳᠤ ᠲᠤᠮᠳᠠᠳᠤ ᠰᠤᠷᠭᠠᠭᠤᠯᠢ  ᠶᠢᠨ ᠲᠡᠬᠡᠳᠦ ᠲᠡᠰ ᠦᠨ ᠪᠠᠭᠰᠢ ᠵᠢᠨ ᠴᠤᠯᠠ ᠤᠯᠪᠠ ᠃ ᠲᠡᠷᠡ ᠪᠠᠰᠠ  1991—2003 ᠤᠨ ᠪᠣᠯᠲᠠᠯ᠎ᠠ ᠲᠤᠮᠳᠠᠳᠤ ᠤᠯᠤᠰ  ᠤᠨ ᠠᠷᠠᠳ ᠤᠨ ᠤᠯᠤᠰ ᠲᠦᠷᠦ  ᠵᠢᠨ ᠵᠦᠪᠯᠡᠯᠬᠡᠨ  ᠦ ᠤᠩᠨᠢᠭᠤᠳ ᠬᠤᠰᠢᠭᠤᠨ  ᠤ ᠵᠦᠪᠯᠡᠯ ᠦᠨ  ᠨᠠᠢ᠍ᠮᠠᠳᠤᠭᠠᠷ ᠂ ᠶᠢᠰᠦᠳᠦᠬᠡᠷ ᠂ ᠠᠷᠪᠠᠳᠤᠭᠠᠷ ᠬᠤᠭᠤᠴᠠᠭᠠᠨ  ᠤ ᠬᠡᠰᠢᠬᠦᠨ ᠂ ᠤᠯᠠᠭᠠᠨᠬᠠᠳᠠ ᠬᠤᠳᠠ ᠵᠢᠨ ᠵᠦᠪᠯᠡᠯ  ᠦᠨ ᠭᠤᠷᠪᠠᠳᠤᠭᠠᠷ ᠬᠤᠭᠤᠴᠠᠭᠠᠨ  ᠤ ᠬᠡᠰᠢᠬᠦᠨ ᠵᠡᠷᠬᠡ ᠨᠡᠢᠬᠡᠮ  ᠦᠨ ᠲᠤᠰᠢᠶᠠᠯ ᠢ ᠬᠠᠪᠰᠤᠷᠭᠠᠵᠤ ᠪᠠᠢᠬᠤ ᠬᠤᠭᠤᠴᠠᠭᠠᠨ ᠳᠤ ᠪᠠᠨ ᠤᠩᠨᠢᠭᠤᠳ ᠬᠤᠰᠢᠭᠤᠨ  ᠤ ᠮᠤᠩᠭᠤᠯ ᠦᠨᠳᠦᠰᠦᠳᠡᠨ ᠦ ᠲᠡᠬᠡᠳᠦ ᠲᠤᠮᠳᠠᠳᠤ ᠰᠤᠷᠭᠠᠭᠤᠯᠢ  ᠶᠢ ᠨᠢᠬᠡᠳᠬᠡᠨ ᠲᠦᠪᠯᠡᠷᠡᠬᠦᠯᠬᠦ ᠰᠤᠷᠭᠠᠭᠤᠯᠢ ᠡᠷᠬᠢᠯᠡᠬᠦ ᠦᠢᠯᠡᠰ ᠢ ᠪᠡᠶᠡᠯᠡᠬᠦᠯᠬᠦ  ᠶᠢᠨ ᠲᠦᠯᠦᠬᠡ ᠦᠪᠡᠷ ᠦᠨ ᠤᠶᠤᠨ ᠤᠬᠠᠭᠠᠨ ᠂ ᠠᠤᠭ᠎ᠠ ᠲᠦᠰᠦᠪ ᠂ ᠤᠬᠠᠭᠤᠯᠤᠯ ᠲᠠᠢᠴᠢᠯᠠᠯ ᠂ ᠤᠷᠤᠭᠰᠢᠳᠠᠢ ᠪᠡᠶᠡᠯᠡᠯ  ᠳᠦ ᠴᠦᠮ ᠬᠠᠷᠠᠮ ᠦᠬᠡᠢ ᠬᠦᠴᠦᠨ ᠴᠢᠳᠠᠯ ᠵᠢᠡᠨ ᠰᠢᠪᠬᠠᠭᠰᠠᠨ ᠪᠠᠢᠨ᠎ᠠ᠃ ᠲᠠᠷᠠᠭ᠎ᠠ ᠨᠢ ᠲᠡᠷᠡ ᠰᠤᠷᠭᠠᠭᠤᠯᠢ ᠶᠢᠨ ᠠᠵᠢᠯᠴᠢᠨ ᠤ ᠡᠪᠯᠡᠯ ᠦᠨ ᠲᠡᠷᠢᠬᠦᠯᠡᠭᠴᠢ ᠵᠢᠨ ᠲᠤᠰᠢᠶᠠᠯ ᠢ ᠬᠠᠷᠢᠭᠤᠴᠠᠵᠤ ᠂ ᠵᠢᠯ ᠲᠠᠷᠠᠭᠠᠯᠠᠨ ᠬᠤᠰᠢᠭᠤᠨ ᠤ ᠠᠵᠢᠯᠴᠢᠨ ᠤ ᠡᠪᠯᠡᠯ ᠦᠨ 《ᠠᠵᠢᠯᠴᠢᠨ ᠤ ᠡᠪᠯᠡᠯ ᠦᠨ ᠰᠢᠯᠢᠳᠡᠭ ᠠᠵᠢᠯᠳᠠᠨ 》᠂ 《 ᠠᠵᠢᠯᠴᠢᠨ ᠤ ᠡᠪᠯᠡᠯ ᠦᠨ ᠵᠢᠱᠢᠶᠡᠴᠢ ᠺᠠᠳ᠋ᠷ 》 ᠵᠡᠷᠬᠡ ᠬᠦᠬᠢᠬᠦᠯᠦᠯ ᠱᠠᠩᠨᠠᠯ  ᠢ ᠲᠤᠰᠴᠤ ᠶᠠᠪᠤᠭᠰᠠᠨ ᠶᠤᠮ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )