ᠨᠡᠷᠡᠳᠤ ᠪᠠᠭᠰᠢ ᠶᠢᠨ ᠲᠠᠪᠴᠠᠩ
ᠬᠤᠳᠠ ᠶᠢᠨ ᠲᠤᠭᠠᠨ ᠤ ᠬᠢᠴᠢᠶᠡᠯ ᠦᠨ ᠲᠠᠭᠠᠭᠤᠯᠤᠭᠴᠢ ᠲᠡᠬᠦᠤᠳᠡᠭᠤᠯ ᠪᠠᠭᠰᠢ
2016.05.24 ᠲᠣᠰ ᠥᠷᠲᠡᠭᠡᠨ ᠦ ᠨᠠᠢᠷᠠᠭᠤᠯᠤᠭᠴᠢ

    

 

  ‍᠎  ᠤᠩᠨᠢᠭᠤᠳ ᠬᠤᠰᠢᠭᠤᠨ ᠤ ᠠᠰᠢᠬᠠᠨ ᠰᠤᠮᠤᠨ ᠤ ᠬᠦᠮᠤᠨ ᠃ ᠶᠡᠬᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ ᠃ ᠡᠪ ᠬᠠᠮᠳᠤ ᠨᠠᠮ ᠤᠨ ᠬᠡᠰᠢᠬᠦᠨ ᠂ 1980᠎ ᠤᠨ ᠳᠦ ᠤᠯᠠᠭᠠᠨᠬᠠᠳᠠ ᠶᠢᠨ ᠨᠢᠬᠡᠳᠦᠬᠡᠷ ᠲᠤᠮᠳᠠᠳᠤ ᠰᠤᠷᠭᠠᠭᠤᠯᠢ ᠠᠴᠠ ᠵᠤᠤ ᠤᠳᠠ ᠮᠤᠩᠭᠤᠯ ᠦᠨᠳᠦᠰᠦᠳᠡᠨ ᠦ ᠪᠠᠭᠰᠢ ᠶᠢᠨ ᠲᠤᠰᠠᠬᠠᠢ ᠮᠡᠷᠬᠡᠵᠢᠯ ᠦᠨ ᠰᠤᠷᠭᠠᠭᠤᠯᠢ ᠵᠢᠨ ᠲᠤᠭᠠᠨ ᠤ ᠰᠠᠯᠪᠤᠷᠢ ᠳᠤ ᠰᠢᠯᠭᠠᠨ ᠤᠷᠤᠵᠤ ᠂ 1982ᠤᠨ ᠳᠤ ᠰᠤᠷᠤᠯᠭ᠎ᠠ ᠪᠠᠨ ᠲᠡᠬᠦᠰᠬᠡᠵᠤ ᠬᠠᠢᠯᠠᠰᠤ ᠳᠡᠬᠢ ᠮᠤᠩᠭᠤᠯ ᠲᠤᠮᠳᠠᠳᠤ ᠰᠤᠷᠭᠠᠭᠤᠯᠢ ᠳᠤ ᠵᠢᠭᠠᠨ ᠰᠤᠷᠭᠠᠬᠤ ᠠᠵᠢᠯ ᠵᠢᠡᠨ ᠡᠬᠢᠯᠡᠨ ᠂ 1989ᠤᠨ ᠤ 9᠎ ᠰᠠᠷ᠎ᠠ ᠳᠤ ᠪᠤᠷᠤᠬᠤᠳᠠ ᠶᠢᠨ ᠮᠤᠩᠭᠤᠯ ᠲᠤᠮᠳᠠᠳᠤ ᠰᠤᠷᠭᠠᠭᠤᠯᠢ ᠳᠦ ᠰᠢᠯᠵᠢᠨ ᠢᠷᠡᠵᠤ ᠠᠵᠢᠯᠯᠠᠪᠠ ᠃ ᠤᠷᠢᠳ ᠬᠤᠵᠢᠳ ᠲᠡᠬᠡᠳᠦ ᠲᠤᠮᠳᠠᠳᠤ ᠪᠠ ᠠᠩᠬ᠎ᠠ ᠲᠤᠮᠳᠠᠳᠤ ᠶᠢᠨ ᠲᠤᠭᠠᠨ ᠤ ᠬᠢᠴᠢᠶᠡᠯ ᠢ ᠵᠢᠭᠠᠭᠰᠠᠨ ᠤ ᠬᠠᠮᠳᠤ ᠠᠩᠬᠢ ᠶᠢᠨ ᠡᠷᠬᠢᠯᠡᠭᠴᠢ᠂ᠵᠢᠭᠠᠬᠤ ᠶᠢ ᠰᠤᠳᠤᠯᠬᠤ ᠲᠤᠭᠤᠢᠯᠠᠩ ᠤᠨ ᠳᠠᠷᠤᠭ᠎ᠠ᠂ᠡᠮᠡᠭᠳᠠᠢᠴᠤᠳ ᠤᠨ ᠬᠤᠯᠪᠤᠭᠠᠨ ᠤ ᠡᠷᠬᠢᠯᠡᠭᠴᠢ᠂ᠬᠢᠴᠢᠶᠡᠯ ᠬᠦᠮᠦᠵᠢᠯ ᠦᠨ ᠳᠡᠳ᠋ ᠡᠷᠬᠢᠯᠡᠭᠴᠢ᠂ᠬᠢᠴᠢᠶᠡᠯ ᠬᠦᠮᠦᠵᠢᠯ ᠦᠨ ᠡᠷᠬᠢᠯᠡᠭᠴᠢ ᠂ᠰᠤᠷᠭᠠᠭᠤᠯᠢ ᠶᠢᠨ ᠳᠡᠳ᠋ ᠵᠠᠬᠢᠷᠤᠯ ᠤᠨ ᠠᠵᠢᠯ ᠡᠬᠦᠷᠬᠡ ᠶᠢ ᠬᠦᠢᠴᠡᠳᠬᠡᠵᠤ ᠶᠠᠪᠤᠵᠠᠢ᠃ᠦᠨᠳᠦᠰᠦᠳᠡᠨ ᠦ ᠪᠠᠨ ᠬᠤᠢᠴᠢ ᠦᠶ᠎ᠡ ᠶᠢ ᠬᠦᠮᠦᠵᠢᠬᠦᠯᠬᠦ ᠶᠢᠨ ᠲᠦᠯᠦᠬᠡ ᠬᠠᠯᠠᠰᠢᠷᠠᠯ ᠦᠬᠡᠢ ᠵᠢᠳᠬᠦᠵᠤ ᠶᠠᠪᠤᠭᠰᠠᠨ ᠠᠴᠠ ᠬᠤᠰᠢᠭᠤᠨ ᠲᠡᠰ ᠦᠨ ᠰᠢᠯᠢᠳᠡᠭ ᠪᠠᠭᠰᠢ (2004)‍᠎ ᠂ ᠶᠤᠰᠤ ᠮᠤᠷᠡᠯ ᠦᠨ ᠬᠦᠮᠦᠵᠢᠯ ᠦᠨ ᠵᠢᠱᠢᠶᠡᠴᠢ ᠠᠵᠢᠯᠳᠠᠨ(1996)‍᠎ ᠂ ᠬᠤᠰᠢᠭᠤᠨ ᠲᠡᠰ ᠦᠨ ᠵᠢᠭᠠᠨ ᠰᠤᠷᠭᠠᠬᠤ ᠴᠢᠳᠠᠪᠤᠷᠢᠳᠠᠨ (2000)‍᠎ ᠂ ᠤᠩᠨᠢᠭᠤᠳ ᠬᠤᠰᠢᠭᠤᠨ ᠤ ᠨᠡᠷᠡᠳᠤ ᠪᠠᠭᠰᠢ (2007)‍᠎ ᠂ ᠵᠢᠴᠢ ᠤᠯᠠᠭᠠᠨᠬᠠᠳᠠ ᠬᠤᠳᠠ ᠶᠢᠨ ᠰᠤᠷᠭᠠᠨ ᠬᠦᠮᠦᠵᠢᠯ ᠦᠨ ᠰᠢᠨᠵᠢᠯᠡᠬᠦ ᠤᠬᠠᠭᠠᠨ ᠤ ᠰᠤᠳᠤᠯᠭᠠᠨ ᠤ ᠭᠤᠤᠯᠯᠠᠭᠴᠢ ᠪᠠᠭᠰᠢ (2004)‍᠎ ᠂ ᠬᠤᠳᠠ ᠶᠢᠨ ᠲᠡᠰ ᠦᠨ ᠰᠢᠯᠢᠳᠡᠭ ᠪᠠᠭᠰᠢ (2007)ᠪᠡᠷ ᠲᠤᠰ ᠲᠤᠰ ᠬᠦᠬᠢᠬᠦᠯᠦᠭᠳᠡᠭᠰᠡᠨ ᠪᠦᠬᠡᠳ 2004᠎ ᠤᠨ ᠳᠤ ᠬᠤᠳᠠ ᠵᠢᠨ ᠲᠡᠰ ᠦᠨ ᠲᠤᠭᠠᠨ ᠤ ᠤᠬᠠᠭᠠᠨ ᠤ ᠬᠢᠴᠢᠶᠡᠯ ᠲᠦᠷᠦᠯ ᠦᠨ ᠲᠠᠭᠠᠭᠤᠯᠤᠭᠴᠢ ᠪᠤᠯᠤᠭᠰᠠᠨ ᠪᠠᠢᠨ᠎ᠠ ᠃ ᠡᠬᠦᠨ ᠦ ᠬᠠᠮᠳᠤ ᠵᠢᠭᠠᠨ ᠰᠤᠷᠭᠠᠬᠤ ᠡᠵᠢᠯ ᠳ᠋ᠦ ᠪᠡᠨ ᠭᠠᠷᠮᠠᠭᠠᠢᠯᠠᠨ ᠰᠢᠨ᠎ᠡ ᠰᠡᠪᠡᠬᠦᠨ ᠵᠢᠭᠠᠬᠤ ᠠᠷᠭ᠎ᠠ  ᠶᠢ ᠰᠦᠪᠡᠭᠴᠢᠯᠡᠨ ᠲᠤᠷᠰᠢᠵᠤ ᠵᠤᠬᠢᠬᠤ ᠠᠮᠵᠢᠯᠳᠠ ᠤᠯᠤᠭᠰᠠᠨ ᠪᠦᠬᠡᠳ ᠲᠤᠷᠰᠢᠯᠳᠠ ᠶᠢᠨ ᠮᠡᠳᠡᠬᠦᠯᠦᠯᠳᠡ ᠪᠤᠯᠬᠤ 《ᠲᠤᠭᠠᠨ ᠤᠬᠠᠭᠠᠨ ᠤ ᠦᠪᠡᠷᠳᠡᠬᠡᠨ ᠰᠤᠷᠬᠤ ᠶᠢ ᠵᠢᠯᠤᠭᠤᠳᠬᠤ ᠵᠢᠭᠠᠬᠤ ᠠᠷᠭ᠎ᠠ ᠶᠢ ᠵᠤᠬᠢᠴᠠᠭᠤᠯᠤᠨ ᠬᠡᠷᠡᠭᠯᠡᠭᠰᠡᠨ ᠲᠤᠷᠰᠢᠯᠳᠠ ᠶᠢᠨ ᠮᠡᠳᠡᠬᠦᠯᠦᠯᠳᠡ》ᠨᠢ ᠦᠪᠦᠷ ᠮᠤᠩᠭᠤᠯ ᠤᠨ ᠰᠤᠷᠭᠠᠨ ᠬᠦᠮᠦᠵᠢᠯ ᠰᠡᠳᠬᠦᠯ ᠦᠨ 1999ᠤᠨ ᠤ  ᠋ᠨᠢᠬᠡᠳᠦᠬᠡᠷ ᠬᠤᠭᠤᠴᠠᠭ᠎ᠠ ᠳᠤ ᠨᠡᠢᠳᠡᠯᠡᠭᠳᠡᠭᠰᠡᠨ ᠪᠦᠬᠡᠳ ᠮᠦᠨ ᠲᠤᠰ ᠦᠬᠦᠯᠡᠯ ᠨᠢ 《 ᠪᠦᠬᠦ ᠤᠷᠤᠨ ᠤ ᠬᠤᠶᠠᠳᠤᠭᠠᠷ ᠤᠳᠠᠭᠠᠨ ᠤ ᠦᠨᠳᠦᠰᠦᠳᠡᠨ ᠦ ᠰᠤᠷᠭᠠᠨ ᠬᠦᠮᠦᠵᠢᠯ ᠦᠨ ᠡᠷᠳᠡᠮ ᠰᠢᠨᠵᠢᠯᠡᠬᠡᠨ ᠦ ᠰᠢᠯᠢᠳᠡᠭ ᠪᠦᠳᠦᠬᠡᠯ ᠦᠨ ᠰᠢᠯᠭᠠᠷᠠᠭᠤᠯᠤᠯᠳᠠ》‍᠎ ᠳᠤ ᠭᠤᠷᠪᠠᠳᠤᠭᠠᠷ ᠲᠡᠰ ᠦᠨ ᠱᠠᠩᠨᠠᠯ ᠬᠦᠷᠳᠡᠭᠰᠡᠨ ᠪᠠᠢᠨ᠎ᠠ ᠃ ᠪᠠᠰᠠ《 ᠵᠢᠭᠠᠨ ᠰᠤᠷᠭᠠᠯᠳᠠ ᠵᠢᠨ ᠲᠤᠮᠳᠠᠬᠢ ᠰᠤᠷᠤᠭᠴᠢᠳ  ᠤᠨ ᠰᠦᠷᠬᠡᠤ ᠰᠡᠳᠬᠢᠴᠡ ᠵᠢᠨ ᠲᠤᠬᠠᠢ ᠬᠦᠢᠬᠡᠨ ᠵᠠᠳᠠᠯᠤᠯᠳᠠ》‍᠎ ᠂ 《ᠲᠤᠭᠠᠨ ᠤ ᠤᠬᠠᠭᠠᠨ ᠤ ᠵᠢᠭᠠᠨ ᠰᠤᠷᠭᠠᠯᠳᠠ ᠵᠢᠨ ᠲᠤᠮᠳᠠᠬᠢ ᠰᠡᠳᠬᠢᠬᠦᠰᠢᠳᠠᠢ ᠬᠡᠳᠦᠨ ᠠᠰᠠᠭᠤᠳᠠᠯ》ᠵᠡᠷᠬᠡ ᠦᠬᠦᠯᠡᠯ ᠨᠢ ᠲᠤᠰ ᠲᠤᠰ ᠬᠤᠳᠠ ᠪᠠ ᠤᠷᠤᠨ ᠤ ᠦᠬᠦᠯᠡᠯ ᠰᠢᠯᠭᠠᠷᠠᠭᠤᠯᠤᠯᠳᠠ ᠳᠤ ᠨᠢᠬᠡᠳᠦᠬᠡᠷ ᠲᠡᠰ ᠦᠨ ᠱᠠᠩᠨᠠᠯ ᠬᠦᠷᠳᠡᠭᠰᠡᠨ ᠪᠠᠢᠨ᠎ᠠ ᠃ ᠦᠪᠦᠷ ᠮᠣᠩᠭᠤᠯ ᠦᠨ ᠪᠠᠭᠠᠴᠤᠳ ᠬᠡᠤᠬᠡᠳ ᠦᠨ ᠬᠡᠪᠯᠡᠯ ᠦᠨ ᠬᠤᠷᠢᠶᠠᠨ ᠤ ᠨᠠᠢᠳᠠᠯᠭ᠎ᠠ ᠪᠡᠷ 2004ᠤᠨ ᠳᠤ《 ᠨᠢᠬᠡᠴᠢ ᠵᠢᠨ ᠪᠠᠷᠢᠮᠵᠢᠶ᠎ᠠ ᠳᠤ ᠬᠦᠷᠬᠦ ᠰᠢᠯᠭᠠᠯᠳᠠ ᠵᠢᠨ ᠬᠠᠭᠤᠳᠠᠰᠤ (ᠲᠦᠷᠪᠡᠨ ᠵᠢᠯ ᠦᠨ ᠲᠦᠷᠢᠮᠳᠤ ᠠᠩᠬ᠎ᠠ ᠲᠤᠮᠳᠠᠳᠤ ᠶᠢᠨ ᠲᠤᠭᠠᠨ ᠤ ᠤᠬᠠᠭᠠᠨ ᠤ ᠲᠦᠷᠪᠡᠳᠦᠬᠡᠷ ᠲᠡᠪᠳᠡᠷ ᠂ ᠲᠡᠬᠡᠳᠦ)》‍᠎ ᠂ 《ᠡᠪᠦᠯ ᠦᠨ ᠠᠮᠠᠷᠠᠯᠳᠠ ᠶᠢᠨ ᠲᠠᠰᠬᠠᠯ (ᠲᠤᠭᠠᠨ ᠤ ᠤᠬᠠᠭᠠᠨ ᠂ ᠶᠢᠰᠦᠳᠦᠬᠡᠷ  ᠤᠨ ᠂ ᠲᠡᠬᠡᠳᠦ )》‍᠎ ᠵᠡᠷᠬᠡ ᠶᠢ ᠨᠠᠢᠷᠠᠭᠤᠯᠤᠨ ᠪᠢᠴᠢᠭᠰᠡᠨ ᠪᠠᠢᠨ᠎ᠠ᠃

    ᠤᠳᠤ ᠲᠡᠬᠦᠤᠳᠠᠭᠤᠯ ᠪᠠᠭᠰᠢ ᠬᠡᠳᠦᠢᠪᠡᠷ ᠠᠵᠢᠯ ᠤᠨ ᠠᠮᠠᠷᠠᠯᠳᠠ ᠪᠠᠨ ᠠᠪᠤᠭᠰᠠᠨ ᠪᠤᠯᠪᠠᠴᠤ᠂ ᠰᠤᠷᠭᠠᠭᠤᠯᠢ ᠵᠢᠨ ᠪᠦᠳᠦᠬᠡᠨ ᠪᠠᠢᠭᠤᠯᠤᠯᠳᠠ ᠪᠠ ᠵᠠᠯᠠᠭᠤ ᠨᠢᠬᠡ ᠦᠶ᠎ᠡ ᠪᠠᠭᠰᠢᠨᠠᠷ ᠦᠨ ᠵᠢᠡᠨ ᠲᠦᠯᠦᠬᠡ ᠦᠷᠬᠦᠯᠵᠢ ᠰᠠᠨᠠᠭᠠᠰᠢᠷᠠᠵᠤ ᠪᠠᠢᠳᠠᠭ ᠪᠦᠬᠡᠳ ᠦᠪᠡᠷ ᠦᠨ ᠡᠷᠬᠢᠮ ᠨᠠᠨᠳᠢᠨ ᠰᠠᠨᠠᠯ ᠳᠤᠷᠠᠳᠤᠯᠭ᠎ᠠ ᠂ ᠦᠨᠡᠳᠦ ᠲᠤᠷᠰᠢᠯᠭ᠎ᠠ ᠵᠢᠡᠨ ᠬᠠᠷᠠᠮ ᠦᠬᠡᠢ ᠦᠭᠴᠦ ᠪᠠᠢᠳᠠᠭ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )