ᠨᠡᠷᠡᠳᠤ ᠪᠠᠭᠰᠢ ᠶᠢᠨ ᠲᠠᠪᠴᠠᠩ
ᠬᠤᠳᠠ ᠶᠢᠨ ᠲᠡᠰ ᠦᠨ ᠭᠤᠤᠯᠯᠠᠭᠴᠢ ᠪᠠᠭᠰᠢ ᠬᠡᠷᠡᠯ᠎ᠡ
2016.05.27 ᠲᠣᠰ ᠥᠷᠲᠡᠭᠡᠨ ᠦ ᠨᠠᠢᠷᠠᠭᠤᠯᠤᠭᠴᠢ

    

 

    1962 ᠤᠨ ᠤ ᠠᠴᠠ 9 ᠰᠠᠷ᠎ᠠ ᠳᠤ ᠤᠩᠨᠢᠭᠤᠳ ᠬᠤᠰᠢᠭᠤᠨ ᠤ ᠪᠠᠶᠠᠨᠲᠠᠯ᠎ᠠ ᠰᠤᠮᠤ ᠵᠢᠨ ᠪᠠᠶᠠᠨᠨᠠᠭᠤᠷ ᠭᠠᠴᠠᠭᠠᠨ ᠤ ᠭᠤᠷᠪᠠᠳᠤᠭᠠᠷ ᠲᠤᠭᠤᠢᠯᠠᠩ  ᠤᠨ ᠮᠠᠯᠴᠢᠨ ᠷᠢᠨᠴᠢᠨ᠂ᠠᠯᠳᠠᠨᠴᠢᠮᠡᠭ ᠦᠨ ᠤᠤᠭᠠᠨ ᠦᠬᠢᠨ ᠪᠤᠯᠵᠤ ᠵᠠᠶᠠᠭᠠᠪᠠ ᠃ (1970–1978)ᠬᠦᠷᠲᠡᠯ᠎ᠡ ᠪᠠᠭ᠎ᠠ ᠰᠤᠷᠭᠠᠭᠤᠯᠢ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ ᠪᠠᠨ ᠭᠠᠴᠠᠭᠠᠨ ᠳᠤ ᠪᠠᠨ ᠦᠵᠡᠵᠤ ᠂ 1978–1980ᠪᠣᠯᠲᠠᠯ᠎ᠠ ᠤᠯᠠᠭᠠᠨᠬᠠᠳᠠ ᠶᠢᠨ ᠮᠤᠩᠭᠤᠯ ᠲᠤᠮᠳᠠᠳᠤ ᠰᠤᠷᠭᠠᠭᠤᠯᠢ ᠳᠤ ᠦᠨᠳᠦᠷ ᠲᠤᠮᠳᠠᠳᠤ ᠪᠠᠨ ᠲᠡᠬᠦᠰᠬᠡᠪᠡ ᠃ 1980–1982ᠤᠨ ᠪᠣᠯᠲᠠᠯ᠎ᠠ ᠯᠢᠨᠳᠦ᠋ᠩ ᠦᠨ ᠪᠠᠭᠰᠢ ᠶᠢᠨ ᠰᠤᠷᠭᠠᠭᠤᠯᠢ ᠳᠤ ᠰᠤᠷᠤᠯᠴᠠᠪᠠ᠃

    1982–1983 ᠤᠨ ᠪᠣᠯᠲᠠᠯ᠎ᠠ ᠬᠠᠢᠯᠠᠰᠤ ᠳᠠᠬᠢ ᠮᠣᠩᠭᠤᠯ ᠲᠤᠮᠳᠠᠳᠤ ᠰᠤᠷᠭᠠᠭᠤᠯᠢ ᠳᠤ ᠬᠢᠮᠢ ᠶᠢᠨ ᠪᠠᠭᠰᠢ ᠪᠡᠷ ᠠᠵᠢᠯᠯᠠᠵᠤ ᠂ 1983ᠤᠨ ᠠᠴᠠ ᠪᠤᠷᠤᠬᠤᠳᠠ ᠮᠣᠩᠭᠤᠯ ᠲᠤᠮᠳᠠᠳᠤ ᠰᠤᠷᠭᠠᠭᠤᠯᠢ ᠳᠤ ᠰᠢᠯᠵᠢᠨ ᠢᠷᠡᠵᠤ ᠮᠦᠨ ᠬᠢᠮᠢ ᠶᠢᠨ ᠪᠠᠭᠰᠢ ᠪᠡᠷ ᠠᠵᠢᠯᠯᠠᠪᠠ᠃ᠪᠠᠭᠰᠢ ᠶᠢᠨ ᠠᠯᠪᠠᠨ ᠳᠤ ᠭᠤᠴᠢ ᠭᠠᠷᠤᠢ ᠵᠢᠯ ᠶᠠᠭᠠᠷᠠᠵᠤ ᠶᠠᠪᠤᠬᠤ ᠳᠤ ᠪᠠᠨ ᠬᠤᠷᠢᠨ ᠬᠡᠳᠦ ᠤᠳᠠᠭ᠎ᠠ ᠠᠩᠬ᠎ᠠ ᠭᠤᠷᠪᠠ ᠶᠢᠨ ᠬᠢᠮᠢ ᠶᠢᠨ ᠬᠢᠴᠢᠶᠡᠯ ᠢ ᠵᠢᠭᠠᠵᠤ ᠲᠡᠬᠦᠰᠬᠡᠨ ᠂ 7 ᠤᠳᠠᠭ᠎ᠠ ᠠᠩᠬ᠎ᠠ ᠭᠤᠷᠪᠠ ᠶᠢᠨ ᠠᠩᠬᠢ ᠶᠢ ᠡᠷᠬᠢᠯᠡᠵᠤ ᠲᠡᠬᠦᠰᠬᠡᠪᠡ ᠃ ᠪᠠᠰᠠ ᠰᠤᠷᠭᠠᠭᠤᠯᠢ ᠶᠢᠨ ᠲᠤᠬᠢᠷᠠᠭᠤᠯᠤᠯᠳᠠ ᠪᠠᠷ ᠠᠩᠬ᠎ᠠ ᠲᠤᠮᠳᠠᠳᠤ ᠶᠢᠨ ᠠᠮᠢᠳᠤ ᠪᠤᠳᠠᠰ ᠂ ᠲᠡᠬᠡᠳᠦ ᠲᠤᠮᠳᠠᠳᠤ  ᠶᠢᠨ ᠬᠢᠮᠢ ᠶᠢᠨ ᠬᠢᠴᠢᠶᠡᠯ ᠢ ᠵᠢᠭᠠᠵᠤ ᠦᠩᠬᠡᠷᠡᠭᠰᠡᠨ ᠪᠦᠬᠡᠳ ᠬᠢᠮᠢ ᠶᠢᠨ ᠲᠤᠷᠰᠢᠯᠳᠠ ᠶᠢᠨ ᠲᠠᠰᠤᠭ ᠤᠨ ᠬᠠᠮᠢᠶᠠᠷᠤᠯᠳᠠ ᠂ ᠪᠠᠢᠭᠠᠯᠢ ᠶᠢᠨ ᠲᠦᠷᠦᠯ ᠦᠨ ᠬᠢᠴᠢᠶᠡᠯ ᠦᠨ ᠵᠢᠭᠠᠬᠤ ᠲᠤᠭᠤᠢᠯᠠᠩ ᠤᠨ ᠬᠠᠮᠢᠶᠠᠷᠤᠯᠳᠠ ᠶᠢᠨ ᠠᠵᠢᠯ ᠵᠡᠷᠬᠡ ᠶᠢ ᠬᠠᠷᠢᠭᠤᠴᠠᠵᠤ ᠦᠩᠬᠡᠷᠡᠪᠡ ᠃ ᠨᠤᠳᠤᠭ ᠤᠨ ᠵᠢᠡᠨ ᠬᠡᠤᠬᠡᠳ ᠲᠡᠬᠦᠨᠡᠷ ᠲᠤ ᠪᠠᠨ ᠰᠢᠨᠵᠢᠯᠡᠬᠦ ᠤᠬᠠᠭᠠᠨ ᠤ ᠮᠡᠳᠡᠯᠬᠡ ᠶᠢ ᠡᠵᠡᠮᠰᠢᠬᠦᠯᠵᠤ᠂ᠰᠢᠨᠵᠢᠯᠡᠬᠦ ᠤᠬᠠᠭᠠᠨᠴᠢ ᠪᠡᠷ ᠠᠮᠢᠳᠤᠷᠠᠬᠤ ᠦᠵᠡᠯ ᠤᠬᠠᠮᠰᠠᠷ ᠲᠠᠢ ᠪᠤᠯᠭᠠᠬᠤ ᠬᠡᠵᠤ ᠮᠦᠨ ᠲᠡᠳᠡ ᠨᠠᠷ ᠤᠨ ᠡᠯ᠎ᠡ ᠲᠠᠯ᠎ᠠ ᠶᠢᠨ ᠬᠡᠪ ᠴᠢᠨᠠᠷ ᠢ ᠲᠡᠬᠡᠬᠡᠭᠰᠢᠯᠡᠬᠦᠯᠵᠤ ᠶᠠᠪᠤᠶ᠎ᠠ ᠬᠡᠵᠤ ᠴᠢᠷᠮᠠᠢᠵᠤ ᠢᠷᠡᠪᠡ ᠃ ᠦᠪᠡᠷ ᠢ ᠪᠠᠨ ᠲᠡᠬᠡᠬᠡᠭᠰᠢᠯᠡᠬᠦᠯᠬᠦ ᠬᠡᠵᠤ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠦᠪᠡᠷ ᠵᠢᠡᠨ ᠰᠤᠷᠬᠤ ᠰᠡᠬᠦᠯ ᠦᠨ ᠠᠩᠬᠢ ᠳᠤ ᠰᠤᠷᠤᠯᠴᠠᠪᠠ᠃

    ᠬᠡᠷᠡᠯ᠎ᠡ ᠪᠠᠭᠰᠢ ᠲᠡᠬᠡᠳᠦ ᠬᠡᠮᠵᠢᠶᠡᠨ ᠦ ᠤᠬᠠᠮᠰᠠᠷᠳᠤ ᠴᠢᠨᠠᠷ ᠪᠠ ᠬᠠᠷᠢᠭᠤᠴᠠᠯᠭᠠᠳᠤ ᠤᠪᠤᠷ ᠢᠶᠠᠷ ᠦᠪᠡᠷ ᠦᠨ ᠡᠷᠬᠢᠯᠡᠭᠰᠡᠨ ᠠᠵᠢᠯ ᠳᠤ ᠪᠠᠨ ᠴᠢᠷᠮᠠᠢᠨ᠂ᠵᠢᠭᠠᠨ ᠰᠤᠷᠭᠠᠯᠳᠠ ᠶᠢᠨ ᠦᠬᠡᠷᠡᠴᠢᠯᠡᠯᠳᠡ ᠶᠢᠨ ᠬᠦᠳᠡᠯᠬᠡᠬᠡᠨ ᠳᠦ ᠢᠳᠡᠪᠬᠢᠳᠠᠢ ᠤᠷᠤᠯᠴᠠᠨ᠂ᠵᠢᠭᠠᠬᠤ ᠠᠷᠭ᠎ᠠ ᠪᠠᠨ ᠦᠬᠡᠷᠡᠴᠢᠯᠨᠨ ᠵᠢᠭᠠᠬᠤ ᠠᠷᠭ᠎ᠠ ᠪᠠᠨ ᠰᠠᠢᠵᠢᠷᠠᠭᠤᠯᠳᠠᠭ ᠠᠴᠠ ᠰᠢᠯᠢᠳᠡᠭ ᠰᠠᠢᠨ ᠲᠤᠬᠠᠢᠯᠠᠭᠰᠠᠨ ᠠᠵᠢᠯ ᠤᠨ ᠮᠤᠷᠠᠯ ᠰᠤᠷᠳᠠᠯ ᠨᠢ ᠨᠡᠢᠬᠡᠮ ᠲᠠᠶᠠᠭᠠᠷ ᠲᠤ ᠮᠡᠳᠡᠷᠡᠭᠳᠡᠵᠤ ᠂ ᠵᠢᠭᠠᠨ ᠰᠤᠷᠭᠠᠯᠳᠠ ᠵᠢᠨ ᠬᠢᠷᠢ ᠬᠡᠮᠵᠢᠶ᠎ᠡ ᠨᠢ ᠴᠤ ᠲᠠᠰᠤᠷᠠᠯᠳᠠ ᠦᠬᠡᠢ ᠲᠡᠬᠡᠭᠰᠢᠯᠡᠵᠤ ᠢᠷᠡᠪᠡ ᠃ ᠲᠡᠬᠦᠨ ᠦ ᠲᠤᠷᠰᠢᠯᠭ᠎ᠠ ᠰᠤᠷᠭᠠᠮᠵᠢ ᠪᠠᠨ ᠳ᠋ᠦᠩᠨᠡᠨ ᠡᠮᠬᠢᠯᠡᠭᠰᠡᠨ ᠦᠬᠦᠯᠡᠯ ᠦᠳ ᠡᠴᠡ ᠬᠤᠰᠢᠭᠤ᠂ᠬᠤᠳᠠ᠂ᠤᠷᠤᠨ ᠤ ᠱᠠᠩᠨᠠᠯ ᠢ ᠲᠤᠰᠤᠭᠰᠠᠨ ᠨᠢ ᠨᠡᠯᠢᠶᠡᠳ ᠪᠤᠢ ᠃ ᠲᠡᠷᠡ ᠮᠦᠨ ᠰᠤᠷᠭᠠᠭᠤᠯᠢ ᠬᠤᠰᠢᠭᠤᠨ ᠲᠡᠰ ᠦᠨ ᠲᠡᠷᠢᠬᠦᠨ ᠦ ᠪᠠᠭᠰᠢ ᠠᠵᠢᠯᠳᠠᠨ ᠵᠢᠡᠷ ᠤᠯᠠᠨᠳᠠ ᠱᠠᠩᠨᠠᠭᠳᠠᠵᠤ ᠂ ᠬᠤᠰᠢᠭᠤ᠂ᠬᠤᠳᠠ ᠵᠢᠨ ᠲᠡᠰ ᠦᠨ ᠵᠢᠭᠠᠨ ᠰᠤᠷᠭᠠᠬᠤ ᠴᠢᠳᠠᠪᠤᠷᠢᠳᠠᠨ ᠂ ᠬᠤᠳᠠ ᠵᠢᠨ ᠲᠡᠰ ᠦᠨ ᠲᠡᠷᠢᠬᠦᠨ ᠦ ᠠᠵᠢᠯᠳᠠᠨ᠂ᠬᠤᠳᠠ ᠶᠢᠨ ᠲᠡᠰ ᠦᠨ ᠭᠤᠤᠯᠯᠠᠭᠴᠢ ᠪᠠᠭᠰᠢ ᠪᠡᠷ ᠴᠤᠯᠠᠯᠠᠭᠳᠠᠪᠠ᠃

    ᠬᠡᠷᠡᠯ᠎ᠡ ᠪᠠᠭᠰᠢ ᠤᠳᠤ ᠬᠡᠳᠦᠢᠪᠡᠷ ᠠᠵᠢᠯ ᠤᠨ ᠠᠮᠠᠷᠠᠯᠳᠠ ᠪᠠᠨ ᠠᠪᠤᠭᠰᠠᠨ ᠪᠤᠯᠪᠠᠴᠤ ᠰᠡᠳᠬᠢᠯ ᠰᠠᠨᠠᠭ᠎ᠠ ᠨᠢ ᠮᠦᠨ ᠰᠤᠷᠭᠠᠭᠤᠯᠢ ᠪᠠ ᠠᠵᠢᠯ ᠤᠨ ᠪᠠᠢᠷᠢ ᠳᠡᠭᠡᠷ᠎ᠡ ᠪᠠᠨ ᠪᠠᠢᠵᠤ᠂ᠵᠠᠯᠠᠭᠤ ᠪᠠᠭᠰᠢᠨᠠᠷ ᠲᠤ ᠦᠪᠡᠷ ᠦᠨ ᠲᠤᠷᠰᠢᠯᠭ᠎ᠠ ᠰᠤᠷᠭᠠᠮᠵᠢ ᠪᠠᠨ ᠦᠷᠬᠦᠯᠵᠢ ᠬᠠᠷᠠᠮ ᠦᠭᠴᠦ ᠪᠠᠢᠳᠠᠭ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )