ᠨᠡᠷᠡᠳᠤ ᠪᠠᠭᠰᠢ ᠶᠢᠨ ᠲᠠᠪᠴᠠᠩ
ᠬᠤᠳᠠ ᠶᠢᠨ ᠲᠡᠰ ᠦᠨ ᠭᠤᠤᠯᠯᠠᠭᠴᠢ ᠪᠠᠭᠰᠢ ᠷᠠᠪᠳᠠᠨ
2016.05.27 ᠲᠣᠰ ᠥᠷᠲᠡᠭᠡᠨ ᠦ ᠨᠠᠢᠷᠠᠭᠤᠯᠤᠭᠴᠢ

    

 

    ᠷᠠᠪᠳᠠᠨ (ᠷᠠᠪᠳᠠᠨᠰᠠᠩᠪᠤ)᠂ 1960ᠤᠨ ᠤ 10ᠰᠠᠷ᠎ᠠ ᠳᠤ ᠤᠩᠨᠢᠭᠤᠳ ᠬᠤᠰᠢᠭᠤᠨ ᠤ ᠪᠤᠷᠤᠬᠤᠳᠠ ᠪᠠᠯᠭᠠᠰᠤ ᠶᠢᠨ ᠦᠪᠦᠷᠪᠤᠯᠠᠭ ᠭᠠᠴᠠᠭᠠᠨ ᠤ ᠮᠠᠯᠴᠢᠨ ᠡᠷᠳᠡᠨᠢᠸᠴᠢᠷ ᠪᠤᠯᠤᠨ ᠤᠷᠠᠨ᠎ᠠ ᠵᠢᠨ ᠭᠤᠷᠪᠠᠳᠤᠭᠠᠷ ᠬᠦᠪᠡᠬᠦᠨ ᠪᠤᠯᠵᠤ ᠵᠠᠶᠠᠭᠠᠵᠠᠢ ᠃ ᠶᠡᠬᠡ ᠰᠤᠷᠭᠠᠭᠤᠯᠢ ᠶᠢᠨ ᠵᠢᠩᠬᠢᠨᠢ ᠠᠩᠬᠢ ᠵᠢᠨ ᠰᠤᠷᠤᠯᠭ᠎ᠠ ᠶᠢᠨ ᠨᠠᠮᠳᠠᠷ ᠲᠠᠢ᠂ᠲᠤᠮᠳᠠᠳᠤ ᠰᠤᠷᠭᠠᠭᠤᠯᠢ ᠶᠢᠨ ᠲᠡᠬᠡᠳᠦ ᠲᠡᠰ ᠦᠨ ᠪᠠᠭᠰᠢ᠂ᠬᠤᠳᠠ ᠵᠢᠨ ᠲᠡᠰ ᠦᠨ ᠭᠤᠤᠯᠯᠠᠭᠴᠢ ᠪᠠᠭᠰᠢ ᠂ ᠲᠤᠮᠳᠠᠳᠤ ᠤᠯᠤᠰ ᠤᠨ ᠵᠠᠯᠠᠭᠤ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠦᠨ ᠬᠠᠪᠰᠤᠷᠤᠨ ᠵᠢᠯᠤᠭᠤᠳᠤᠭᠴᠢ ᠃

    1977ᠤᠨ ᠳᠤ ᠬᠠᠢᠯᠠᠰᠤ ᠳᠠᠬᠢ ᠮᠤᠩᠭᠤᠯ ᠲᠤᠮᠳᠠᠳᠤ ᠠᠴᠠ ᠲᠡᠬᠡᠳᠦ ᠲᠤᠮᠳᠠᠳᠤ ᠪᠠᠨ ᠲᠡᠬᠦᠰᠬᠡᠵᠤ ᠂ ᠨᠤᠳᠤᠭ ᠲᠤ ᠪᠠᠨ ᠪᠤᠴᠠᠭᠠᠳ ᠬᠦᠬᠡᠰᠡᠬᠦᠯ ᠲᠤᠮᠳᠠᠳᠤ ᠰᠤᠷᠭᠠᠭᠤᠯᠢ ᠳᠤ ᠠᠩᠬ᠎ᠠ ᠪᠠᠭᠰᠢ ᠵᠢᠨ ᠭᠠᠷᠤᠭ᠎ᠠ ᠪᠠᠨ ᠠᠪᠴᠤ᠂ᠰᠤᠷᠭᠠᠭᠤᠯᠢ ᠶᠢᠨ ᠲᠠᠮᠢᠷ ᠤᠨ ᠬᠢᠴᠢᠶᠡᠯ ᠂ ᠠᠩᠬ᠎ᠠ ᠬᠤᠶᠠᠷ ᠂ ᠠᠩᠬ᠎ᠠ ᠭᠤᠷᠪᠠ ᠶᠢᠨ ᠹᠢᠽᠢᠺ ᠂ ᠠᠩᠬ᠎ᠠ ᠭᠤᠷᠪᠠ ᠶᠢᠨ ᠬᠢᠮᠢ ᠶᠢᠨ ᠬᠢᠴᠢᠶᠡᠯ ᠢ ᠵᠢᠭᠠᠵᠠᠢ ᠃ 1978᠎ ᠤᠨ ᠳᠦ ᠪᠦᠬᠦ ᠤᠯᠤᠰ ᠤᠨ ᠨᠢᠬᠡᠳᠦᠯᠳᠠᠢ ᠰᠢᠯᠭᠠᠯᠳᠠ ᠪᠡᠷ ᠵᠤᠤ ᠤᠳᠠ ᠶᠢᠨ ᠮᠤᠩᠭᠤᠯ ᠪᠠᠭᠰᠢ ᠶᠢᠨ ᠲᠤᠰᠠᠬᠠᠢ ᠮᠡᠷᠬᠡᠵᠢᠯ ᠦᠨ ᠰᠤᠷᠭᠠᠭᠤᠯᠢ ᠵᠢᠨ ᠹᠢᠽᠢᠺ ᠦᠨ ᠰᠠᠯᠪᠤᠷᠢ ᠳᠤ ᠰᠢᠯᠭᠠᠨ ᠤᠷᠤᠵᠤ ᠲᠡᠬᠦᠰᠬᠡᠬᠡᠳ ᠂ 1980ᠤᠨ ᠳᠤ ᠪᠤᠷᠤᠬᠤᠳᠠ ᠮᠤᠩᠭᠤᠯ ᠦᠨᠳᠦᠰᠦᠳᠡᠨ ᠦ ᠲᠤᠮᠳᠠᠳᠤ ᠰᠤᠷᠭᠠᠭᠤᠯᠢ ᠳᠤ ᠬᠤᠪᠢᠶᠠᠭᠳᠠᠨ ᠢᠷᠡᠵᠤ ᠪᠠᠭᠰᠢᠯᠠᠵᠠᠢ ᠃ ᠲᠦᠴᠢᠬᠡᠳ ᠵᠢᠯ ᠦᠨ ᠲᠤᠷᠰᠢ ᠲᠡᠷᠡ ᠪᠡᠷ ᠪᠢᠴᠢᠭ᠌ ᠵᠢᠭᠠᠵᠤ ᠬᠦᠮᠤᠨ ᠢ ᠬᠦᠮᠦᠵᠢᠬᠦᠯᠬᠦ ᠰᠠᠢᠬᠠᠨ ᠬᠦᠰᠡᠯ ᠵᠢᠡᠷ ᠬᠤᠰᠢᠭᠤ ᠬᠤᠳᠠ ᠶᠢᠨ ᠠᠳᠠᠯᠢᠳᠬᠠᠨ ᠰᠢᠯᠭᠠᠷᠠᠭᠤᠯᠤᠯᠳᠠ ᠳᠤ ᠤᠯᠠᠨ ᠤᠳᠠᠭ᠎ᠠ ᠲᠡᠷᠢᠬᠦᠯᠡᠵᠤ ᠂ ᠲᠡᠬᠡᠳᠦ ᠱᠠᠳᠤᠨ ᠤ《ᠲᠡᠷᠢᠬᠦᠨ ᠦ ᠠᠵᠢᠯᠳᠠᠨ 》᠂《ᠵᠢᠱᠢᠶᠡᠴᠢ ᠪᠠᠭᠰᠢ 》᠂ 《ᠰᠢᠯᠢᠳᠡᠭ ᠠᠩᠬᠢ ᠶᠢᠨ ᠡᠷᠬᠢᠯᠡᠭᠴᠢ 》‍᠎ ᠂ 《ᠰᠢᠯᠢᠳᠡᠭ ᠡᠪ ᠬᠠᠮᠳᠤ ᠨᠠᠮ ᠤᠨ ᠬᠡᠰᠢᠬᠦᠨ 》᠂ 《ᠭᠠᠪᠢᠶ᠎ᠠ ᠲᠡᠮᠳᠡᠭᠯᠡᠬᠦ ᠱᠠᠩᠨᠠᠯ》‍᠎ ᠵᠡᠷᠬᠡ  ᠶᠢ ᠤᠯᠠᠨᠳᠠ ᠬᠦᠷᠳᠡᠵᠡᠢ ᠃ ᠲᠡᠬᠦᠨ ᠦ 《ᠲᠤᠮᠳᠠᠳᠤ ᠰᠤᠷᠭᠠᠭᠤᠯᠢ ᠶᠢᠨ ᠹᠢᠽᠢᠺ ᠵᠢᠭᠠᠬᠤ ᠠᠷᠭ᠎ᠠ ᠵᠢᠨ ᠲᠤᠬᠠᠢ ᠦᠬᠦᠯᠡᠬᠦ ᠨᠢ》᠂ 《ᠠᠩᠬ᠎ᠠ ᠭᠤᠷᠪᠠ ᠶᠢᠨ ᠹᠢᠽᠢᠺ ᠦᠨ ᠶᠡᠷᠦᠩᠬᠡᠢ ᠳᠠᠪᠲᠠᠯᠭ᠎ᠠ ᠶᠢ ᠵᠢᠯᠤᠭᠤᠳᠬᠤ ᠲᠤᠬᠠᠢ》᠂ 《ᠬᠢᠴᠢᠶᠡᠯ ᠦᠨ ᠲᠢᠩᠬᠢᠮ ᠦᠨ ᠵᠢᠭᠠᠨ ᠰᠤᠷᠭᠠᠯᠳᠠ ᠳᠤ ᠰᠤᠷᠤᠭᠴᠢ ᠶᠢᠨ ᠭᠤᠤᠯ ᠴᠤᠭᠴᠠ ᠶᠢᠨ ᠦᠢᠯᠡᠳᠦᠯ ᠢ ᠬᠡᠷᠬᠢᠨ ᠪᠠᠳᠠᠷᠠᠭᠤᠯᠪᠠᠯ ᠵᠤᠬᠢᠬᠤ ᠪᠤᠢ》‍᠎ ᠂ 《ᠹᠢᠽᠢᠺ ᠦᠨ ᠦᠢᠯᠡᠳᠦᠯᠬᠡ ᠶᠢᠨ ᠬᠦᠳᠡᠯᠬᠡᠬᠡᠨ ᠢᠶᠡᠷ ᠲᠠᠮᠵᠢᠭᠤᠯᠵᠤ ᠰᠤᠷᠤᠭᠴᠢᠳ ᠤᠨ ᠰᠢᠨ᠎ᠡ ᠶᠢ ᠡᠬᠦᠳᠬᠦ ᠵᠤᠷᠢᠭ ᠰᠠᠨᠠᠭ᠎ᠠ ᠶᠢ ᠬᠦᠮᠦᠵᠢᠯᠬᠦᠯᠬᠦ ᠲᠤᠬᠠᠢ 》ᠵᠡᠷᠬᠡ ᠰᠤᠳᠤᠯᠭᠠᠨ  ᠤ ᠪᠦᠳᠦᠬᠡᠯ ᠦᠳ ᠨᠢ ᠬᠤᠳᠠ ᠤᠷᠤᠨ ᠤ ᠡᠷᠳᠡᠮ ᠰᠢᠨᠵᠢᠯᠡᠬᠡᠨ  ᠦ ᠰᠤᠳᠤᠯᠭᠠᠨ  ᠤ ᠬᠤᠷᠠᠯ ᠳᠤ ᠲᠡᠪᠰᠢᠬᠦᠯᠦᠭᠳᠡᠨ ᠰᠢᠯᠢᠳᠡᠭ ᠦᠬᠦᠯᠡᠯ ᠵᠢᠡᠷ ᠦᠨᠡᠯᠡᠭᠳᠡᠭᠰᠡᠨ ᠪᠠ《ᠦᠪᠦᠷ ᠮᠤᠩᠭᠤᠯ ᠤᠨ ᠰᠤᠷᠭᠠᠨ ᠬᠦᠮᠦᠵᠢᠯ 》ᠰᠡᠳᠬᠦᠯ ᠳᠦ ᠨᠡᠢᠳᠡᠯᠡᠭᠳᠡᠪᠡ ᠃ 1989᠎ ᠤᠨ ᠳᠤ ᠬᠤᠰᠢᠭᠤᠨ ᠲᠡᠰ ᠦᠨ《ᠵᠢᠭᠠᠨ ᠰᠤᠷᠭᠠᠬᠤ ᠴᠢᠳᠠᠪᠤᠷᠢᠳᠠᠨ》᠂ 1993ᠤᠨ ᠳᠤ ᠬᠤᠳᠠ ᠶᠢᠨ ᠲᠡᠰ ᠦᠨ《ᠰᠢᠯᠢᠳᠡᠭ ᠵᠢᠭᠠᠨ ᠰᠤᠷᠭᠠᠬᠤ ᠴᠢᠳᠠᠪᠤᠷᠢᠳᠠᠨ 》ᠵᠢᠡᠷ ᠦᠨᠡᠯᠡᠭᠳᠡᠵᠤ ᠂ 1984᠎ ᠤᠨ ᠳᠤ ᠵᠢᠭᠠᠬᠤ ᠶᠢ ᠰᠤᠳᠤᠯᠬᠤ ᠲᠤᠭᠤᠢᠯᠠᠩ ᠤᠨ ᠳᠠᠷᠤᠭ᠎ᠠ ᠶᠢᠨ ᠠᠵᠢᠯ ᠢ ᠬᠠᠷᠢᠭᠤᠴᠠᠨ ᠂ 1991ᠤᠨ ᠡᠴᠠ ᠤᠷᠢᠳ ᠬᠤᠵᠢᠳ ᠬᠢᠴᠢᠶᠡᠯ ᠬᠦᠮᠦᠵᠢᠯ ᠦᠨ ᠳᠡᠳ᠋ ᠡᠷᠬᠢᠯᠡᠭᠴᠢ ᠂ ᠤᠯᠤᠰ ᠲᠦᠷᠦ ᠬᠦᠮᠦᠵᠢᠯ ᠦᠨ ᠭᠠᠵᠠᠷ ᠤᠨ ᠡᠷᠬᠢᠯᠡᠭᠴᠢ ᠂ ᠨᠠᠮ ᠤᠨ ᠡᠬᠦᠷ ᠦᠨ ᠳᠡᠳ᠋ ᠱᠦᠵᠢ ᠂ ᠰᠤᠷᠭᠠᠭᠤᠯᠢ ᠶᠢᠨ ᠠᠵᠢᠯᠳᠠᠨ ᠤ ᠡᠪᠯᠡᠯ ᠦᠨ ᠳᠡᠳ᠋ ᠲᠡᠷᠢᠬᠦᠯᠡᠭᠴᠢ ᠵᠡᠷᠬᠡ ᠲᠤᠰᠢᠶᠠᠯ ᠳᠤ ᠪᠠᠢᠵᠤ ᠂ ᠰᠤᠷᠭᠠᠭᠤᠯᠢ ᠶᠢᠨ ᠬᠠᠮᠢᠶᠠᠷᠤᠯᠳᠠ ᠂ ᠰᠤᠷᠤᠭᠴᠢ ᠵᠢᠨ ᠬᠠᠮᠢᠶᠠᠷᠤᠯᠳᠠ ᠶᠢᠨ ᠲᠠᠯ᠎ᠠ ᠶᠢᠨ ᠲᠦᠷᠢᠮ ᠲᠤᠭᠳᠠᠭᠠᠯ  ᠢ ᠲᠡᠬᠦᠯᠳᠡᠷᠵᠢᠬᠦᠯᠦᠨ ᠴᠢᠩᠭᠠᠳᠬᠠᠬᠤ  ᠳᠤ ᠶᠡᠬᠡᠬᠡᠨ ᠬᠦᠴᠦ ᠪᠡᠨ ᠡᠷᠬᠦᠪᠡ ᠃ ᠲᠡᠷᠡ ᠠᠵᠢᠯ ᠳᠤ ᠭᠠᠷᠤᠭᠰᠠᠨ ᠠᠴᠠ ᠪᠠᠨ ᠠᠪᠤᠭᠠᠳ ᠠᠵᠢᠯ ᠤᠨ ᠠᠮᠠᠷᠠᠯᠳᠠ ᠪᠣᠯᠲᠠᠯ᠎ᠠ ᠪᠠᠨ ᠨᠢᠬᠡ ᠡᠳᠦᠷ ᠴᠤ ᠵᠢᠭᠠᠨ ᠰᠤᠷᠭᠠᠬᠤ ᠹᠷᠤᠨᠲ ᠠᠴᠠ ᠰᠠᠯᠤᠭᠰᠠᠨ ᠦᠬᠡᠢ ᠂ ᠴᠦᠬᠦᠷᠡᠰᠢ ᠦᠬᠡᠢ ᠴᠢᠷᠮᠠᠢᠯᠭ᠎ᠠ ᠂ ᠤᠬᠢ ᠰᠢᠯᠢᠳᠡᠭ ᠵᠢᠭᠠᠨ ᠰᠤᠷᠭᠠᠯᠳᠠ ᠶᠢᠨ ᠤᠷ᠎ᠠ ᠠᠪᠢᠶᠠᠰ ᠵᠢᠡᠷ ᠵᠢᠡᠨ ᠮᠠᠰᠢ ᠤᠯᠠᠨ ᠡᠷᠳᠡᠮᠳᠡᠨ ᠴᠢᠳᠠᠪᠤᠷᠢᠳᠠᠨ ᠢ ᠬᠦᠮᠦᠵᠢᠬᠦᠯᠵᠤ ᠂ ᠰᠤᠷᠤᠭᠠᠭᠤᠯᠢ ᠶᠢᠨ ᠬᠦᠭᠵᠢᠯ ᠮᠠᠨᠳᠤᠯ ᠂ ᠦᠨᠳᠦᠰᠦᠳᠡᠨ  ᠦ ᠪᠠᠨ ᠰᠤᠷᠭᠠᠨ ᠬᠦᠮᠦᠵᠢᠯ ᠦᠨ ᠴᠡᠴᠡᠭᠯᠡᠯᠳᠡ ᠳᠦ ᠨᠡᠮᠡᠬᠦᠷᠢ ᠬᠠᠨᠳᠢᠪ ᠵᠢᠡᠨ ᠡᠷᠬᠦᠵᠤ ᠶᠠᠪᠤᠭᠰᠠᠨ ᠪᠢᠯᠡ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )