ᠨᠡᠷᠡᠳᠤ ᠪᠠᠭᠰᠢ ᠶᠢᠨ ᠲᠠᠪᠴᠠᠩ
ᠤᠷᠤᠨ ᠤ ᠲᠡᠰ ᠦᠨ ᠭᠤᠤᠯᠯᠠᠭᠴᠢ ᠪᠠᠭᠰᠢ ᠬᠠᠢ ᠡᠸᠤ
2016.06.03 ᠲᠣᠰ ᠥᠷᠲᠡᠭᠡᠨ ᠦ ᠨᠠᠢᠷᠠᠭᠤᠯᠤᠭᠴᠢ

    

 

    ᠬᠠᠢ ᠡᠸᠤ᠂ ᠡᠮᠡᠭᠳᠠᠢ ᠂ ᠮᠤᠩᠭᠤᠯ ᠦᠨᠳᠦᠰᠦᠳᠡᠨ ᠃ ᠲᠤᠮᠳᠠᠳᠤ ᠰᠤᠷᠭᠠᠭᠤᠯᠢ ᠶᠢᠨ ᠲᠡᠬᠡᠳᠦ ᠲᠡᠰ ᠦᠨ ᠪᠠᠭᠰᠢ ᠃ 1973ᠤᠨ ᠤ 9ᠰᠠᠷ᠎ᠠ ᠶᠢᠨ 21  ᠤ ᠡᠳᠦᠷ ᠤᠩᠨᠢᠭᠤᠳ ᠬᠤᠰᠢᠭᠤᠨ ᠤ ᠠᠰᠢᠬᠠᠨ ᠰᠤᠮᠤ ᠶᠢᠨ ᠬᠤᠭᠤᠯᠠᠳᠤ ᠳᠤ ᠲᠦᠷᠦᠵᠡᠢ ᠃ 1997ᠤᠨ ᠳᠤ ᠦᠪᠦᠷ ᠮᠤᠩᠭᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ ᠰᠠᠯᠪᠤᠷᠢ ᠠᠴᠠ ᠲᠡᠬᠦᠰᠴᠤ ᠂ ᠦᠨᠳᠦᠰᠦᠳᠡᠨ ᠦ ᠪᠠᠨ ᠰᠤᠶᠤᠯ ᠬᠡᠬᠡᠷᠡᠯ ᠦᠨ ᠦᠢᠯᠡᠰ ᠂ ᠨᠤᠳᠤᠭ ᠤᠰᠤᠨ ᠤ ᠪᠠᠨ ᠰᠤᠷᠭᠠᠨ ᠬᠦᠮᠦᠵᠢᠯ ᠳᠦ ᠬᠦᠴᠤ ᠪᠠᠨ ᠡᠷᠬᠦᠬᠦ ᠪᠡᠷ ᠤᠩᠨᠢᠭᠤᠳ ᠬᠤᠰᠢᠭᠤᠨ ᠤ ᠪᠤᠷᠤᠬᠤᠳᠠ ᠮᠤᠩᠭᠤᠯ ᠲᠤᠮᠳᠠᠳᠤ ᠰᠤᠷᠭᠠᠭᠤᠯᠢ ᠳᠤ ᠮᠤᠩᠭᠤᠯ ᠬᠡᠯᠡᠨ ᠦ ᠪᠠᠭᠰᠢ ᠪᠡᠷ ᠠᠵᠢᠯᠯᠠᠪᠠ ᠃ ᠤᠯᠠᠨ ᠤᠳᠠᠭ᠎ᠠ ᠲᠡᠬᠡᠳᠦ ᠭᠤᠷᠪᠠ ᠶᠢᠨ ᠮᠤᠩᠭᠤᠯ ᠬᠡᠯᠡᠨ ᠦ ᠬᠢᠴᠢᠶᠡᠯ ᠢ ᠵᠢᠯᠤᠭᠤᠳᠴᠤ ᠰᠢᠯᠢᠳᠡᠭ ᠠᠮᠵᠢᠯᠳᠠ ᠤᠯᠤᠭᠰᠠᠭᠠᠷ ᠢᠷᠡᠪᠡ ᠃ 2003ᠤᠨ ᠤ ᠤᠯᠤᠰ ᠤᠨ ᠰᠢᠯᠭᠠᠯᠳᠠ ᠳᠤ ᠲᠡᠬᠦᠨ ᠦ ᠵᠢᠭᠠᠭᠰᠠᠨ ᠮᠤᠩᠭᠤᠯ ᠬᠡᠯᠡᠨ ᠦ ᠲᠡᠭᠰᠢᠳᠬᠡᠭᠰᠡᠨ ᠬᠤᠪᠢ ᠬᠤᠳᠠ ᠳᠤ ᠮᠠᠩᠯᠠᠢᠯᠠᠪᠠ ᠃ 2003 ᠤᠨ ᠳᠤ ᠬᠤᠰᠢᠭᠤᠨ ᠤ ᠵᠠᠰᠠᠭ ᠤᠨ ᠤᠷᠳᠤᠨ ᠤ《ᠰᠠᠢᠰᠢᠶᠠᠨ ᠬᠦᠬᠢᠬᠦᠯᠬᠦ ᠱᠠᠩᠨᠠᠯ 》 ᠢ ᠭᠠᠷᠳᠠᠪᠠ ᠃ 2003ᠤᠨ ᠤ 11ᠰᠠᠷ᠎ᠠ ᠳᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠡᠯᠡ ᠪᠢᠴᠢᠭ᠌ ᠦᠨ 《ᠡᠬᠦᠳᠦᠯᠳᠤ ᠬᠢᠴᠢᠶᠡᠯᠯᠡᠭᠡ 》ᠵᠢᠨ ᠰᠢᠯᠭᠠᠷᠠᠭᠤᠯᠤᠯᠳᠠ ᠳᠤ ᠬᠤᠶᠠᠳᠤᠭᠠᠷ ᠲᠡᠰ ᠦᠨ ᠱᠠᠩᠨᠠᠯ ᠭᠠᠷᠳᠠᠪᠠ ᠃ 2005ᠤᠨ ᠳᠤ 《ᠬᠤᠰᠢᠭᠤᠨ ᠤ ᠰᠢᠯᠢᠳᠡᠭ ᠵᠢᠭᠠᠨ ᠰᠤᠷᠭᠠᠬᠤ ᠴᠢᠳᠠᠪᠤᠷᠢᠳᠠᠨ 》᠂ 2006 ᠤᠨ ᠳᠤ 《ᠬᠤᠳᠠ ᠶᠢᠨ ᠰᠢᠯᠢᠳᠡᠭ ᠪᠠᠭᠰᠢ 》ᠪᠡᠷ ᠦᠨᠡᠯᠡᠭᠳᠡᠪᠡ ᠃ 2007 ᠤᠨ ᠳᠤ 《ᠤᠷᠤᠨ ᠤ ᠭᠤᠤᠯᠯᠠᠭᠴᠢ ᠪᠠᠭᠰᠢ 》ᠪᠡᠷ ᠦᠨᠡᠯᠡᠭᠳᠡᠵᠡᠢ ᠃ ᠵᠢᠭᠠᠨ ᠰᠤᠷᠭᠠᠯᠳᠠ ᠶᠢᠨ ᠠᠵᠢᠯ ᠤᠨ ᠲᠤᠷᠰᠢᠯᠭ᠎ᠠ ᠪᠠᠨ ᠳ᠋ᠦᠩᠨᠡᠭᠰᠡᠨ 《ᠲᠡᠮᠬᠡᠳᠤ ᠵᠢᠨ ᠤᠳᠬ᠎ᠠ ᠵᠤᠬᠢᠶᠠᠯ ᠤᠨ ᠲᠤᠬᠠᠢ ᠤᠨᠤᠯ ᠦᠵᠡᠯᠳᠡ 》(ᠦᠪᠦᠷ ᠮᠤᠩᠭᠤᠯ ᠤᠨ ᠡᠳᠦᠷ ᠦᠨ ᠰᠤᠨᠢᠨ )《ᠰᠤᠷᠤᠭᠴᠢᠳ ᠤᠨ ᠵᠤᠬᠢᠶᠠᠨ ᠪᠢᠴᠢᠬᠦ ᠴᠢᠳᠠᠪᠬᠢ ᠶᠢ ᠬᠡᠷᠬᠢᠨ ᠲᠡᠬᠡᠭᠰᠢᠯᠡᠬᠦᠯᠬᠦ ᠲᠤᠬᠠᠢ 》(ᠤᠷᠤᠨ ᠤ ᠬᠤᠶᠠᠳᠤᠭᠠᠷ ᠲᠡᠰ )ᠵᠡᠷᠬᠡ ᠦᠬᠦᠯᠡᠯ ᠵᠢᠡᠨ ᠨᠡᠢᠳᠡᠯᠡᠬᠦᠯᠵᠤ ᠶᠠᠪᠤᠵᠠᠢ᠃ ᠤᠳᠤ ᠲᠤᠰ ᠪᠠᠭᠰᠢ ᠲᠡᠬᠡᠳᠦ ᠲᠤᠮᠳᠠᠳᠤ ᠶᠢᠨ ᠠᠩᠬᠢ ᠶᠢᠨ ᠡᠷᠬᠢᠯᠡᠭᠴᠢ ᠶᠢᠨ ᠠᠵᠢᠯ ᠢ ᠡᠬᠦᠷᠬᠡᠯᠡᠵᠤ ᠰᠤᠷᠭᠠᠨ ᠬᠦᠮᠦᠵᠢᠯ ᠦᠨ ᠡᠮᠦᠨ᠎ᠡ ᠹᠷᠣᠨᠲ ᠳᠤ ᠭᠠᠪᠰᠢᠭᠠᠢᠯᠠᠵᠤ ᠪᠤᠢ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )