ᠨᠡᠷᠡᠳᠤ ᠪᠠᠭᠰᠢ ᠶᠢᠨ ᠲᠠᠪᠴᠠᠩ
ᠬᠤᠳᠠ ᠶᠢᠨ ᠲᠡᠰ ᠦᠨ ᠭᠤᠤᠯᠯᠠᠭᠴᠢ ᠪᠠᠭᠰᠢ ᠲᠠᠪᠢᠨᠳᠠᠢ
2016.06.04 ᠲᠣᠰ ᠥᠷᠲᠡᠭᠡᠨ ᠦ ᠨᠠᠢᠷᠠᠭᠤᠯᠤᠭᠴᠢ

  

 

 

    ᠲᠠᠪᠢᠨᠳᠠᠢ ᠂ ᠮᠤᠩᠭᠤᠯ ᠦᠨᠳᠦᠰᠦᠳᠡᠨ ᠃ 1963ᠤᠨ ᠤ12 ᠰᠠᠷ᠎ᠠ ᠶᠢᠨ 23  ᠤ ᠡᠳᠦᠷ ᠠᠰᠢᠬᠠᠨ ᠰᠤᠮᠤᠨ ᠤ ᠴᠠᠭᠠᠨᠨᠠᠭᠤᠷ ᠭᠠᠴᠠᠭᠠᠨ ᠤ ᠪᠠᠷᠠᠭᠤᠨ ᠬᠤᠭᠤᠯᠠᠳᠤ ᠵᠢᠨ ᠮᠠᠯᠴᠢᠨ ᠴᠠᠭᠠᠨᠬᠦᠦ ᠂ ᠬᠡᠬᠡᠮ᠎ᠠ ᠵᠢᠨ ᠤᠤᠭᠠᠨ ᠬᠦᠦ ᠪᠤᠯᠵᠤ ᠵᠠᠶᠠᠭᠠᠪᠠ᠃ ᠦᠨᠳᠦᠷ ᠲᠤᠮᠳᠠᠳᠤ ᠪᠠᠨ ᠪᠤᠷᠤᠬᠤᠳᠠ ᠮᠤᠩᠭᠤᠯ ᠲᠤᠮᠳᠠᠳᠤ ᠰᠤᠷᠭᠠᠭᠤᠯᠢ ᠡᠴᠠ ᠲᠡᠬᠦᠰᠬᠡᠵᠤ ᠂1981ᠤᠨ ᠳᠤ ᠰᠢᠯᠢᠳᠡᠭ ᠰᠠᠢᠨ ᠪᠦᠳᠦᠮᠵᠢ ᠪᠡᠷ ᠦᠪᠦᠷ ᠮᠤᠩᠭᠤᠯ ᠵᠢᠨ ᠦᠨᠳᠦᠰᠦᠳᠡᠨ ᠦ ᠪᠠᠭᠰᠢ ᠵᠢᠨ ᠶᠡᠬᠡ ᠰᠤᠷᠭᠠᠭᠤᠯᠢ ᠳᠤ ᠰᠢᠯᠭᠠᠨ ᠤᠷᠤᠵᠠᠢ᠃ 1985ᠤᠨ ᠳᠤ ᠤᠶᠤᠳᠠᠨ ᠡᠷᠳᠡᠮᠳᠡᠨ ᠴᠤᠯᠠ ᠪᠡᠷ ᠶᠡᠬᠡ ᠰᠤᠷᠭᠠᠭᠤᠯᠢ ᠪᠠᠨ ᠲᠡᠬᠦᠰᠬᠡᠵᠤ ᠂ 1985–2001ᠪᠣᠯᠲᠠᠯ᠎ᠠ ᠬᠠᠢᠯᠠᠰᠤ ᠲᠤᠮᠳᠠᠳᠤ ᠰᠤᠷᠭᠠᠭᠤᠯᠢ ᠳᠤ ᠪᠠᠭᠰᠢᠯᠠᠨ ᠂ ᠤᠷᠢᠳ ᠬᠤᠵᠢᠳ ᠠᠩᠬ᠎ᠠ ᠲᠤᠮᠳᠠᠳᠤ ᠶᠢᠨ ᠠᠩᠬᠢ ᠶᠢ ᠬᠤᠶᠠᠷ ᠤᠳᠠᠭ᠎ᠠ᠂ᠲᠡᠬᠡᠳᠦ ᠲᠤᠮᠳᠠᠳᠤ ᠶᠢᠨ ᠠᠩᠬᠢ ᠶᠢ ᠭᠤᠷᠪᠠ ᠤᠳᠠᠭ᠎ᠠ ᠲᠡᠬᠦᠰᠬᠡᠭᠰᠡᠨ ᠪᠠᠢᠨ᠎ᠠ᠃ 2001ᠤᠨ ᠳᠤ ᠪᠤᠷᠤᠬᠤᠳᠠ ᠮᠤᠩᠭᠤᠯ ᠦᠨᠳᠦᠰᠦᠳᠡᠨ ᠦ ᠲᠤᠮᠳᠠᠳᠤ ᠰᠤᠷᠭᠠᠭᠤᠯᠢ ᠶᠢᠨ ᠲᠡᠬᠡᠳᠦ ᠲᠤᠮᠳᠠᠳᠤ ᠪᠠ ᠬᠠᠢᠯᠠᠰᠤ ᠳᠠᠬᠢ ᠮᠤᠩᠭᠤᠯ ᠦᠨᠳᠦᠰᠦᠳᠡᠨ ᠦ ᠲᠤᠮᠳᠠᠳᠤ ᠰᠤᠷᠭᠠᠭᠤᠯᠢ ᠵᠢᠨ ᠲᠡᠬᠡᠳᠦ ᠲᠤᠮᠳᠠᠳᠤ ᠶᠢ ᠨᠢᠬᠡᠳᠬᠡᠬᠦ ᠦᠶ᠎ᠡ ᠳᠦ ᠠᠵᠢᠯ ᠤᠨ ᠬᠡᠷᠡᠭᠴᠡᠬᠡ ᠪᠡᠷ ᠪᠤᠷᠤᠬᠤᠳᠠ ᠮᠤᠩᠭᠤᠯ ᠲᠤᠮᠳᠠᠳᠤ ᠰᠤᠷᠭᠠᠭᠤᠯᠢ ᠢᠷᠡᠵᠤ ᠤᠳᠤ ᠪᠣᠯᠲᠠᠯ᠎ᠠ ᠠᠵᠢᠯᠯᠠᠭᠰᠠᠭᠠᠷ ᠃ ᠡᠳᠡᠬᠡᠷ ᠵᠢᠯ ᠵᠢᠯ ᠤᠳ ᠲᠤ ᠲᠤᠰ ᠨᠦᠬᠦᠷ ᠨᠡᠯᠢᠶᠡᠳ ᠬᠡᠳᠦ ᠤᠳᠠᠭ᠎ᠠ ᠲᠡᠬᠡᠳᠦ ᠲᠤᠮᠳᠠᠳᠤ ᠶᠢᠨ ᠦᠨᠳᠦᠰᠦᠨ ᠠᠩᠬᠢ ᠂ ᠲᠠᠪᠳᠠᠬᠤ ᠠᠩᠬᠢ ᠶᠢ ᠡᠷᠬᠢᠯᠡᠨ ᠲᠡᠬᠦᠰᠬᠡᠭᠰᠡᠨ ᠪᠠᠢᠨ᠎ᠠ᠃

    ᠲᠤᠰ ᠨᠦᠬᠦᠷ ᠬᠢᠴᠢᠶᠡᠯ ᠵᠢᠭᠠᠬᠤ ᠳᠤ ᠪᠠᠨ ᠰᠤᠷᠤᠯᠴᠠᠬᠤ ᠤᠪᠤᠷ ᠪᠠ ᠰᠤᠷᠤᠯᠴᠠᠬᠤ ᠤᠷᠮ᠎ᠠ ᠪᠠᠬ᠎ᠠ ᠶᠢᠨ ᠬᠦᠮᠦᠵᠢᠯ ᠢ ᠴᠢᠬᠤᠯᠴᠢᠯᠠᠨ ᠂ ᠰᠤᠷᠤᠯᠴᠠᠬᠤ ᠠᠷᠭ᠎ᠠ ᠵᠢᠨ ᠬᠦᠮᠦᠵᠢᠯ ᠢ ᠭᠤᠤᠯᠴᠢᠯᠠᠨ ᠠᠳᠬᠤᠳᠠᠭ ᠲᠤᠯᠠ ᠵᠢᠭᠠᠨ ᠰᠤᠷᠭᠠᠯᠳᠠ ᠵᠢᠨ ᠬᠢᠷᠢ ᠪᠦᠳᠦᠮᠵᠢ ᠨᠢ ᠢᠮᠠᠭᠳᠠ ᠦᠨᠳᠦᠷ ᠪᠠᠢᠵᠤ ᠂ ᠦᠷᠬᠦᠯᠵᠢ ᠬᠤᠳᠠ ᠬᠤᠰᠢᠭᠤᠨ ᠳᠦ ᠪᠡᠨ ᠡᠮᠦᠨ᠎ᠡ ᠡᠩᠨᠡᠭᠡ ᠳᠦ ᠤᠷᠤᠳᠠᠭ ᠃ 2004ᠤᠨ ᠳᠤ ᠲᠡᠬᠦᠰᠬᠡᠭᠰᠡᠨ ᠲᠡᠬᠡᠳᠦ ᠲᠤᠮᠳᠠᠳᠤ ᠶᠢᠨ ᠠᠩᠬᠢ ᠶᠢᠨ ᠲᠤᠭᠠᠨ ᠤ ᠬᠢᠷᠢ ᠪᠦᠳᠦᠮᠵᠢ ᠤᠯᠠᠭᠠᠨᠬᠠᠳᠠ ᠶᠢᠨ ᠮᠤᠩᠭᠤᠯ ᠲᠤᠮᠳᠠᠳᠤ ᠰᠤᠷᠭᠠᠭᠤᠯᠢ ᠶᠢ ᠯᠠ ᠲᠠᠷᠠᠭᠠᠯᠠᠵᠤ ᠬᠤᠳᠠ ᠳᠤ ᠲᠡᠳᠡᠯᠡᠭᠰᠡᠨ ᠰᠢᠯᠢᠳᠡᠭ ᠰᠠᠢᠨ ᠪᠦᠳᠦᠮᠵᠢ ᠶᠢ ᠡᠬᠦᠰᠴᠤ ᠦᠩᠬᠡᠷᠡᠭᠰᠡᠨ ᠶᠤᠮ ᠃ ᠠᠩᠬᠢ ᠡᠷᠬᠢᠯᠡᠬᠦ ᠳ᠋ᠦ ᠪᠡᠨ ᠦᠪᠡᠷ ᠦᠨ ᠤᠨᠴᠠᠯᠢᠭ ᠪᠦᠬᠦᠢ ᠨᠢᠬᠡ ᠢᠵᠢ ᠪᠦᠷᠢᠨ ᠲᠦᠬᠦᠷ ᠠᠷᠭ᠎ᠠ ᠠᠪᠴᠠᠯ ᠲᠠᠢ ᠪᠠᠢᠵᠤ᠂ᠰᠤᠷᠤᠭᠴᠢᠳ ᠤᠨ ᠦᠪᠡᠷ ᠦᠨ ᠬᠢᠨᠢ ᠤᠨᠴᠠᠯᠢᠭ ᠲᠤ ᠨᠢ ᠲᠤᠬᠢᠷᠠᠭᠤᠯᠤᠨ ᠦᠪᠡᠷᠮᠢᠴᠠ ᠬᠦᠮᠦᠵᠢᠯ ᠬᠢᠵᠤ ᠂ ᠦᠪᠡᠷ ᠦᠪᠡᠷ ᠦᠨ ᠬᠢᠨᠢ ᠠᠪᠢᠶᠠᠰ ᠴᠢᠳᠠᠪᠤᠷᠢ ᠶᠢ ᠨᠢ ᠪᠠᠳᠠᠷᠠᠭᠤᠯᠤᠨ ᠬᠦᠮᠦᠵᠢᠬᠦᠯᠳᠡᠭ ᠃2003ᠤᠨ ᠳᠤ ᠲᠡᠬᠦᠰᠬᠡᠭᠰᠡᠨ ᠠᠩᠬᠢ ᠨᠢ ᠬᠤᠶᠠᠷ ᠰᠤᠷᠭᠠᠭᠤᠯᠢ ᠨᠡᠢᠯᠡᠬᠦ ᠦᠶ᠎ᠡ ᠳᠦ ᠰᠤᠷᠤᠯᠭ᠎ᠠ ᠮᠤᠷᠠᠯ ᠬᠤᠴᠤᠷᠤᠩᠭᠤᠢ ᠠᠩᠬᠢ ᠪᠠᠢᠭᠰᠠᠨ ᠴᠤ ᠬᠡᠳᠦᠨ ᠬᠤᠭᠤᠴᠠᠭᠠᠨ ᠤ ᠴᠢᠷᠮᠠᠢᠯᠭ᠎ᠠ ᠪᠡᠷ ᠲᠠᠮᠵᠢᠨ ᠤᠯᠤᠰ ᠤᠨ ᠰᠢᠯᠭᠠᠯᠳᠠ ᠳᠤ ᠲᠤᠩ ᠰᠠᠢᠨ ᠬᠢᠷᠢ ᠪᠦᠳᠦᠮᠵᠢ ᠤᠯᠵᠤ ᠂ ᠶᠡᠬᠡ ᠰᠤᠷᠭᠠᠭᠤᠯᠢ ᠳᠤ ᠲᠠᠪᠰᠢᠭᠰᠠᠨ ᠨᠤᠷᠮ᠎ᠠ ᠵᠠᠭᠤᠨ ᠤ ᠵᠠᠭᠤ ᠳᠤ ᠬᠦᠷᠴᠠᠢ ᠃ 2005ᠤᠨ ᠳᠤ ᠲᠤᠰᠤᠨ ᠠᠪᠤᠭᠰᠠᠨ ᠰᠤᠷᠤᠯᠭ᠎ᠠ ᠮᠤᠷᠠᠯ ᠬᠤᠷᠤᠷᠤᠩᠭᠤᠢ ᠠᠩᠬᠢ ᠨᠢ ᠪᠠᠰᠠ 2007 ᠤᠨ ᠳᠤ ᠲᠡᠬᠦᠰᠬᠦ ᠪᠤᠯᠬᠤ ᠳᠤ ᠰᠤᠷᠤᠯᠭ᠎ᠠ ᠮᠤᠷᠠᠯ ᠤᠨ ᠲᠠᠯ᠎ᠠ ᠪᠡᠷ ᠲᠡᠷᠢᠬᠦᠨ ᠡᠩᠨᠡᠬᠡᠨ ᠳᠦ ᠤᠷᠤᠵᠤ ᠂ ᠤᠯᠤᠰ ᠤᠨ ᠰᠢᠯᠭᠠᠯᠳᠠ ᠪᠡᠷ ᠲᠠᠮᠵᠢᠨ ᠵᠠᠭᠤᠨ ᠤ ᠲᠦᠴᠢ ᠵᠢᠨ ᠰᠤᠷᠤᠭᠴᠢ ᠶᠡᠬᠡ ᠰᠤᠷᠭᠠᠭᠤᠯᠢ ᠶᠢᠨ ᠵᠢᠩᠬᠢᠨᠢ ᠠᠩᠬᠢ ᠳᠤ ᠲᠠᠪᠰᠢᠨ ᠤᠷᠤᠭᠰᠠᠨ ᠵᠡᠷᠬᠡ ᠵᠢᠨ ᠰᠢᠯᠢᠳᠡᠭ ᠰᠠᠢᠨ ᠦᠯᠢᠬᠡᠷ ᠵᠢᠱᠢᠶ᠎ᠡ ᠶᠢ ᠤᠯᠠᠨ ᠭᠠᠷᠭᠠᠭᠰᠠᠨ ᠪᠠᠢᠳᠠᠭ᠃

    ᠲᠤᠰ ᠨᠦᠬᠦᠷ ᠤᠳᠤ ᠮᠦᠨ ᠵᠢᠭᠠᠨ ᠰᠤᠷᠭᠠᠯᠳᠠ ᠶᠢᠨ ᠡᠮᠦᠨ᠎ᠡ ᠹᠷᠣᠨᠲ ᠳᠤ ᠭᠠᠪᠰᠢᠭᠠᠢᠯᠠᠵᠤ ᠂ ᠲᠡᠬᠡᠳᠦ ᠲᠤᠮᠳᠠᠳᠤ ᠶᠢᠨ ᠲᠤᠭᠠᠨ ᠤ ᠤᠬᠠᠭᠠᠨ ᠤ ᠬᠢᠴᠢᠶᠡᠯ ᠢ ᠵᠢᠭᠠᠵᠤ ᠠᠷᠠᠳ ᠤᠯᠠᠨ ᠳᠤ ᠪᠠᠨ ᠬᠦᠷᠢᠶᠡᠯᠡᠯ ᠲᠠᠢ ᠂ ᠪᠠᠭᠰᠢ ᠰᠤᠷᠤᠭᠴᠢᠳ ᠲᠤ ᠪᠠᠨ ᠬᠦᠨᠳᠦᠳᠬᠡᠯᠳᠡᠢ ᠂ᠨᠠᠮ ᠵᠠᠰᠠᠭ ᠲᠦ ᠪᠡᠨ ᠢᠳᠡᠬᠡᠯ ᠲᠠᠢ ᠪᠠᠢᠵᠤ ᠂ ᠬᠤᠳᠠ ᠵᠢᠨ ᠲᠡᠰ ᠦᠨ ᠰᠢᠯᠢᠳᠡᠭ ᠠᠩᠬᠢ ᠶᠢᠨ ᠡᠷᠬᠢᠯᠡᠭᠴᠢ ᠂ ᠬᠤᠰᠢᠭᠤᠨ ᠲᠡᠰ ᠦᠨ ᠵᠢᠱᠢᠶᠡᠴᠢ ᠪᠠᠭᠰᠢ ᠵᠡᠷᠬᠡ ᠱᠠᠩᠨᠠᠯ ᠬᠦᠬᠢᠬᠦᠯᠦᠯ ᠢ ᠤᠯᠠᠨᠳᠠ ᠬᠦᠷᠳᠡᠵᠤ ᠦᠩᠬᠡᠷᠡᠭᠰᠡᠨ ᠪᠦᠬᠡᠳ ᠬᠤᠳᠠ ᠶᠢᠨ ᠲᠡᠰ ᠦᠨ ᠭᠤᠤᠯᠯᠠᠭᠴᠢ ᠪᠠᠭᠰᠢ ᠂ ᠤᠷᠤᠨ ᠤ ᠲᠡᠰ ᠦᠨ ᠰᠢᠯᠢᠳᠡᠭ ᠬᠢᠴᠢᠶᠡᠯᠡᠭᠴᠢ ᠵᠡᠷᠬᠡ ᠪᠡᠷ ᠤᠯᠠᠨᠳᠠ ᠦᠨᠡᠯᠡᠭᠳᠡᠭᠰᠡᠨ ᠪᠠᠢᠨ᠎ᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )