ᠰᠤᠷᠭᠠᠭᠤᠯᠢ ᠶᠢᠨ ᠮᠡᠳᠡᠭᠡ
ᠵᠢᠭᠠᠨ ᠰᠤᠷᠭᠠᠯᠳᠠ ᠶᠢᠨ ᠶᠠᠰᠤ ᠴᠢᠨᠠᠷ ᠤᠨ ᠵᠠᠳᠠᠯᠥᠯᠳᠠ ᠵᠢᠴᠢ 《ᠰᠠᠢᠨ ᠪᠠᠭᠰᠢ ᠪᠤᠯᠬᠤ ᠵᠢᠨ ᠤᠴᠢᠷ ᠲᠤ 》ᠬᠡᠬᠦ ᠲᠠᠢᠯᠦᠮᠵᠢ
2017.10.18 ᠲᠣᠰ ᠥᠷᠲᠡᠭᠡᠨ ᠦ ᠨᠠᠢᠷᠠᠭᠤᠯᠤᠭᠴᠢ

     ‍᠎  2017᠂10᠂17᠎ ᠦ ᠡᠳᠦᠷ ᠮᠠᠨ ᠤ ᠰᠤᠷᠭᠠᠭᠤᠯᠢ ᠬᠤᠰᠢᠭᠤᠨ ᠤ ᠰᠤᠷᠭᠠᠨ ᠬᠦᠮᠦᠵᠢᠯ ᠦᠨ ᠲᠤᠪᠴᠢᠶᠠᠨ ᠤ ᠳᠡᠳ᠋ ᠳᠠᠷᠤᠭ᠎ᠠ ᠯᠢᠶᠠᠩ ᠰᠢᠤ ᠾᠸ ᠪᠠᠭᠰᠢ ᠪᠤᠯᠤᠨ ᠦᠨᠳᠦᠰᠦᠳᠡᠨ ᠦ ᠰᠤᠷᠭᠠᠨ ᠬᠦᠮᠦᠵᠢᠯ ᠦᠨ ᠰᠠᠯᠠᠭ᠎ᠠ ᠶᠢᠨ ᠡᠷᠬᠢᠯᠡᠭᠴᠢ ᠵ ᠂ ᠯᠤᠤᠬ᠎ᠠ ᠵᠡᠷᠬᠡ ᠬᠤᠶᠠᠷ ᠪᠠᠭᠰᠢ ᠶᠢ ᠤᠷᠢᠵᠤ  《ᠰᠠᠢᠨ ᠪᠠᠭᠰᠢ ᠪᠤᠯᠬᠤ ᠶᠢᠨ ᠤᠴᠢᠷ ᠲᠤ 》‍᠎ ᠬᠡᠬᠦ ᠶᠠᠷᠢᠶ᠎ᠠ  ᠲᠠᠢᠯᠦᠮᠵᠢ ᠪᠠ 《ᠦᠨᠳᠦᠰᠦᠳᠡᠨ ᠦ ᠲᠤᠮᠳᠠᠳᠤ ᠪᠠᠭ᠎ᠠ ᠰᠤᠷᠭᠠᠭᠤᠯᠢ ᠶᠢᠨ 2016︱2017᠎ ᠤᠨ ᠤ ᠵᠢᠭᠠᠨ ᠰᠤᠷᠭᠠᠯᠳᠠ ᠵᠢᠨ ᠶᠠᠰᠤ ᠴᠢᠨᠠᠷ ᠤᠨ ᠨᠢᠬᠡᠳᠦᠯᠳᠠᠢ ᠪᠠᠢᠴᠠᠭᠠᠯᠳᠠ ᠶᠢᠨ ᠵᠠᠳᠠᠯᠤᠯᠳᠠ 》‍᠎ ᠬᠡᠬᠦ ᠮᠡᠳᠡᠬᠦᠯᠦᠯᠳᠡ ᠶᠢ ᠰᠤᠨᠤᠰᠪᠠ  ᠃ ᠵᠠᠬᠢᠷᠤᠯ ᠠᠮᠤᠭᠤᠯᠠᠩ ᠬᠤᠷᠠᠯ ᠢ ᠡᠷᠬᠢᠯᠡᠭᠰᠡᠨ ᠪᠦᠬᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ ᠃ 

     ᠦᠨᠳᠦᠰᠦᠳᠡᠨ  ᠤ ᠰᠤᠷᠭᠠᠨ ᠬᠦᠮᠦᠵᠢᠯ ᠦᠨ ᠰᠠᠯᠠᠭ᠎ᠠ ᠶᠢᠨ ᠡᠷᠬᠢᠯᠡᠭᠴᠢ ᠵ ᠂ᠯᠤᠤᠬ᠎ᠠ ᠬᠤᠰᠢᠭᠤᠨ ᠤ ᠬᠤᠶᠠᠷ ᠰᠠᠭᠤᠷᠢ ᠮᠤᠩᠭᠤᠯ ᠲᠤᠮᠳᠠᠳᠤ ᠰᠤᠷᠭᠠᠭᠤᠯᠢ ᠶᠢᠨ 2016︱2017᠎ ᠤᠨ ᠤ ᠰᠤᠷᠤᠯᠭ᠎ᠠ ᠶᠢᠨ ᠵᠢᠯ ᠦᠨ  ᠠᠩᠬ᠎ᠠ ᠨᠢᠬᠡ ᠪᠠ ᠠᠩᠬ᠎ᠠ ᠬᠣᠶᠠᠷ ᠤᠨ ᠰᠤᠷᠤᠭᠴᠢᠳ ᠤᠨ ᠶᠠᠰᠤ ᠴᠢᠨᠠᠷ ᠤᠨ ᠨᠢᠬᠡᠳᠦᠯᠳᠠᠢ ᠪᠠᠢᠴᠠᠭᠠᠯᠳᠠ ᠶᠢᠨ  ᠰᠢᠯᠭᠠᠯᠳᠠ ᠵᠢᠨ  ᠬᠤᠪᠢ ᠨᠤᠷᠮ᠎ᠠ ᠶᠢ ᠨᠡᠢᠳᠡᠯᠡᠵᠤ ᠂ ᠰᠤᠷᠤᠭᠴᠢᠳ ᠤᠨ ᠬᠠᠷᠢᠭᠤᠯᠤᠭᠰᠠᠨ ᠪᠠᠢᠳᠠᠯ ᠳᠤ ᠪᠤᠳᠠᠳᠠᠢ ᠵᠠᠳᠠᠯᠤᠯᠳᠠ ᠬᠢᠵᠤ ᠂ ᠤᠷᠤᠰᠢᠵᠤ ᠪᠠᠢᠭ᠎ᠠ ᠠᠰᠠᠭᠤᠳᠠᠯ ᠡᠴᠡ ᠭᠠᠷᠳᠠᠨ ᠮᠠᠨ ᠤ ᠵᠢᠭᠠᠨ ᠰᠤᠷᠭᠠᠯᠳᠠ ᠳᠤ ᠤᠷᠤᠰᠢᠵᠤ ᠪᠠᠢᠭ᠎ᠠ ᠠᠰᠠᠭᠤᠳᠠᠯ ᠢ ᠲᠤᠷᠠᠳᠴᠤ  ᠭᠠᠷᠭᠠᠭᠰᠠᠨ ᠪᠠᠢᠨ᠎ᠠ ᠃ ᠡᠬᠦᠨ ᠦ ᠬᠠᠮᠳᠤ ᠪᠠᠰᠠ ᠵᠠᠷᠢᠮ  ᠵᠠᠯᠠᠭᠤ ᠪᠠᠭᠰᠢ ᠨᠠᠷ ᠦᠨ ᠪᠡᠶ᠎ᠡ ᠳᠡᠭᠡᠷ᠎ᠡ ᠤᠷᠦᠰᠢᠵᠤ ᠪᠠᠢᠭ᠎ᠠ ᠠᠰᠠᠭᠤᠳᠠᠯ ᠢ ᠴᠤ ᠢᠯᠠᠨ ᠲᠠᠯᠠᠨ ᠦᠬᠡᠢ ᠲᠤᠷᠠᠳᠴᠤ ᠭᠠᠷᠭᠠᠭᠰᠠᠨ ᠪᠦᠬᠡᠳ ᠠᠬᠠᠮᠠᠳ ᠪᠠᠭᠰᠢ ᠨᠠᠷ ᠦᠨ ᠰᠠᠢᠨ ᠲᠠᠢ ᠲᠠᠯ᠎ᠠ ᠶᠢ ᠲᠠᠭᠠᠨ ᠰᠤᠷᠤᠯᠴᠠᠬᠤ ᠶᠢ ᠱᠠᠭᠠᠷᠳᠠᠭᠰᠠᠨ ᠪᠠᠢᠨ᠎ᠠ ᠃ 

    ᠯᠢᠶᠠᠩ ᠰᠢᠤ ᠾᠸ ᠪᠠᠭᠰᠢ ᠠᠴᠠ ᠮᠠᠨ ᠤ ᠬᠤᠰᠢᠭᠤᠨ ᠤ ᠮᠤᠩᠭᠤᠯ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠪᠠᠢᠳᠠᠯ ᠳᠤ  ᠲᠤᠪᠴᠢ ᠳ᠋ᠦᠩᠨᠡᠯᠲᠡ ᠬᠢᠬᠦ ᠶᠢᠨ ᠬᠠᠮᠳᠤ  《ᠰᠠᠢᠨ ᠪᠠᠭᠰᠢ ᠪᠤᠯᠬᠤ ᠶᠢᠨ ᠤᠴᠢᠷ ᠲᠤ 》ᠬᠡᠬᠦ ᠲᠠᠢᠯᠥᠮᠵᠢ ᠬᠢᠪᠠ ᠲᠠᠢᠯᠥᠮᠵᠢ ᠳᠦ ᠪᠡᠨ ᠄

   1᠂ ᠲᠤᠬᠠᠢᠯᠠᠭᠰᠠᠨ ᠠᠵᠢᠯ ᠳᠤ ᠪᠠᠨ ᠬᠠᠢᠷ᠎ᠠ ᠲᠠᠢ ᠬᠠᠷᠢᠭᠤᠴᠠᠯᠭ᠎ᠠ ᠲᠠᠢ ᠪᠠᠢᠬᠤ ᠬᠡᠷᠡᠭᠳᠠᠢ ᠃

   2᠂ ᠵᠠᠪᠠᠯ ᠰᠤᠷᠤᠭᠴᠢᠳ ᠤᠨ ᠢᠳᠡᠬᠡᠯ ᠬᠦᠨᠳᠦ ᠶᠢ ᠤᠯᠬᠤ ᠬᠡᠷᠡᠭᠲᠡᠢ ᠃ 

   3᠂ ᠰᠤᠷᠭᠠᠭᠤᠯᠢ ᠶᠢᠨ ᠬᠠᠮᠢᠶᠠᠷᠤᠯᠳᠠ ᠳᠤ ᠢᠳᠡᠪᠬᠢᠯᠡᠨ ᠣᠷᠤᠯᠴᠠᠬᠤ ᠬᠡᠷᠡᠭᠳᠠᠢ ᠃

   4᠂ ᠵᠢᠭᠠᠨ ᠰᠤᠷᠭᠠᠯᠲᠠ ᠶᠢᠨ ᠠᠵᠢᠯ ᠳᠤ ᠪᠠᠨ ᠴᠠᠭᠠᠷᠠᠭᠰᠠᠨ ᠪᠠᠢᠬᠤ ᠬᠡᠷᠡᠭᠲᠡᠢ ᠃ 

   5᠂ ᠡᠷᠡᠬᠦᠯ ᠰᠠᠷᠠᠭᠤᠯ ᠤᠪᠤᠷ ᠰᠡᠳᠬᠢᠴᠡ ᠪᠤᠯᠤᠨ ᠪᠤᠯᠪᠠᠰᠤᠨ ᠰᠠᠢᠬᠠᠨ ᠵᠠᠩ ᠳᠠᠳᠭᠠᠯ  ᠢ ᠪᠦᠷᠢᠯᠳᠦᠬᠦᠯᠬᠦ ᠬᠡᠷᠡᠭᠳᠠᠢ ᠃

   ᠬᠡᠬᠦ ᠵᠡᠷᠬᠡ ᠶᠢᠨ ᠲᠠᠪᠤᠨ ᠲᠠᠯ᠎ᠠ ᠪᠠᠷ ᠪᠠᠭᠰᠢ ᠬᠦᠮᠤᠨ ᠤ ᠪᠦᠷᠢᠯᠳᠦᠬᠦᠯᠪᠡᠰᠤ ᠵᠤᠬᠢᠬᠤ ᠨᠦᠬᠦᠴᠡᠯ ᠪᠤᠯᠪᠠᠰᠤᠷᠠᠯ ᠢ ᠠᠮᠢᠳᠤᠯᠢᠭ ᠪᠤᠳᠠᠳᠠᠢ ᠪᠡᠷ ᠲᠡᠯᠬᠡᠷᠡᠬᠦᠯᠦᠨ ᠶᠠᠷᠢᠭᠰᠠᠨ ᠪᠠᠢᠨ᠎ᠠ ᠃ 

 

 

 

 

 

 

 

 

 

 

 

 

 

 

 

 

 

 

 

 

 

 

 

 

 

 

 

 

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )