ᠰᠤᠷᠭᠠᠭᠤᠯᠢ ᠶᠢᠨ ᠮᠡᠳᠡᠭᠡ
ᠮᠠᠨ ᠤ ᠰᠤᠷᠭᠠᠭᠤᠯᠢ ᠶᠢᠨ ᠪᠦᠬᠦ ᠪᠠᠭᠰᠢ ᠨᠠᠷ ᠪᠤᠯᠤᠨ ᠨᠠᠮ ᠤᠨ ᠬᠡᠰᠢᠬᠦᠳ ᠨᠠᠮ ᠤᠨ 19 ᠳ᠋ᠤᠬᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠯ᠎ᠠ
2017.11.23 ᠲᠣᠰ ᠥᠷᠲᠡᠭᠡᠨ ᠦ ᠨᠠᠢᠷᠠᠭᠤᠯᠤᠭᠴᠢ

 

 

      ᠪᠤᠷᠤᠬᠤᠳᠠ ᠮᠤᠩᠭᠤᠯ ᠲᠤᠮᠳᠠᠳᠤ ᠰᠤᠷᠭᠠᠭᠤᠯᠢ ᠨᠢ ᠨᠠᠮ ᠤᠨ 19᠎ ᠳ᠋ᠤᠬᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠤᠯᠠᠨ ᠬᠡᠯᠪᠡᠷᠢ ᠮᠠᠶᠢᠭ  ᠵᠢᠡᠷ  ᠬᠦᠨ ᠬᠦᠨᠵᠡᠬᠡᠢ ᠰᠤᠷᠤᠯᠴᠠᠨ ᠲᠤᠤᠱᠯᠠᠭᠤᠯᠤᠭᠰᠠᠨ ᠪᠠᠢᠨ᠎ᠠ ᠃ ᠪᠤᠳᠠᠳᠠᠢ ᠪᠡᠷ ᠬᠡᠯᠡᠪᠡᠯ ᠪᠦᠬᠦ ᠪᠠᠭᠰᠢ ᠠᠵᠢᠯᠳᠠᠳ  ᠨᠠᠮ ᠤᠨ 19᠎  ᠳ᠋ᠤᠬᠡᠷ  ᠶᠡᠬᠡ ᠬᠤᠷᠠᠯ ᠤᠨ ᠡᠬᠢᠯᠡᠯᠳᠡ ᠵᠢᠨ ᠶᠤᠰᠤᠯᠠᠯ  ᠵᠢᠴᠢ  ᠰᠢ ᠵᠢᠨ ᠫᠢᠩ ᠨᠦᠬᠦᠷ ᠦᠨ ᠴᠢᠬᠤᠯᠠ ᠶᠡᠷᠢᠶ᠎ᠠ ᠶᠢ ᠬᠠᠮᠳᠤ  ᠪᠡᠷ ᠰᠤᠷᠤᠯᠴᠠᠬᠤ᠂  ᠲᠤᠰᠬᠠᠢ ᠪᠢᠴᠢᠭ᠌ ᠮᠠᠲ᠋ᠧᠷᠢᠶᠠᠯ ᠢᠶᠠᠷ ᠶᠠᠷᠢᠶᠠᠨ ᠤ ᠠᠭᠤᠯᠭ᠎ᠠ ᠶᠢ ᠪᠦᠬᠦ ᠪᠠᠭᠰᠢ ᠨᠠᠷ ᠲᠤ ᠲᠠᠷᠬᠠᠭᠠᠬᠤ ᠂ ᠨᠠᠮ ᠤᠨ ᠬᠡᠰᠢᠬᠦᠳ ᠲᠤᠰᠬᠠᠢ ᠲᠠᠢᠯᠤᠮᠵᠢ ᠶᠢᠨ ᠬᠤᠷᠠᠯ ᠬᠢᠵᠦ ᠰᠤᠷᠤᠯᠴᠠᠬᠤ ᠂ ᠰᠤᠷᠤᠯᠴᠠᠭᠰᠠᠨ ᠲᠦᠷᠦᠭᠳᠡᠯ ᠵᠢᠡᠨ ᠰᠤᠯᠢᠯᠴᠠᠬᠤ ᠂ ᠪᠤᠳᠠᠳᠠᠢ ᠳᠡᠭᠡᠷ᠎ᠡ ᠨᠠᠢᠳᠠᠪᠤᠷᠢᠵᠢᠭᠤᠯᠤᠨ ᠬᠡᠷᠡᠭᠵᠢᠬᠦᠯᠬᠦ ᠮᠡᠳᠤ ᠶᠢᠨ ᠠᠯᠬᠤᠮ ᠲᠠᠷᠠᠭ᠎ᠠ ᠪᠠᠷ ᠨᠠᠮ ᠤᠨ 19 ᠳ᠋ᠤᠬᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠬᠦᠨ ᠬᠦᠨᠵᠡᠬᠡᠢ ᠰᠤᠷᠤᠯᠴᠠᠭᠰᠠᠨ ᠪᠠᠢᠨ᠎ᠠ ᠃ 

 

     10᠂18᠎ ᠡᠳᠦᠷ ᠦᠨ ᠦᠳᠡ ᠶᠢᠨ ᠡᠮᠦᠨ᠎ᠡ ᠪᠦᠬᠦ ᠪᠠᠭᠰᠢ ᠠᠵᠢᠯᠳᠠᠨ ᠨᠠᠮ ᠤᠨ 19᠎ ᠳ᠋ᠤᠬᠡᠷ  ᠶᠡᠬᠡ ᠬᠤᠷᠠᠯ ᠤᠨ ᠡᠬᠢᠯᠡᠯᠳᠡ ᠶᠢᠨ ᠶᠤᠰᠤᠯᠠᠯ ᠪᠠ ᠰᠢ ᠵᠢᠨ ᠫᠢᠩ ᠲᠡᠷᠢᠬᠦᠯᠡᠭᠴᠢ ᠶᠢᠨ ᠴᠢᠬᠤᠯᠠ ᠶᠠᠷᠢᠶ᠎ᠠ ᠶᠢ ᠰᠤᠷᠤᠯᠴᠠᠵᠤ ᠪᠠᠢᠭ᠎ᠠ ᠨᠢ 

 ‍᠎ ᠵᠠᠬᠢᠷᠤᠯ ᠠᠮᠤᠭᠤᠯᠠᠩ ᠂ ᠱᠦᠵᠢ ᠰᠤᠮᠢᠶ᠎ᠠ  ᠬᠢᠬᠡᠳ ᠪᠦᠬᠦ ᠪᠠᠭᠰᠢ  ᠠᠵᠢᠯᠳᠠᠨ ᠨᠠᠷ 

 

 

 

 ‍᠎  ᠪᠦᠬᠦ  ᠨᠠᠮ ᠤᠨ ᠬᠡᠰᠢᠬᠦᠳ 19᠎ ᠳ᠋ᠤᠬᠡᠷ  ᠶᠡᠬᠡ ᠬᠤᠷᠠᠯ ᠤᠨ ᠲᠤᠰᠠᠬᠠᠢ ᠲᠠᠢᠯᠥᠮᠵᠢ ᠶᠢ ᠰᠤᠨᠤᠰᠴᠦ ᠪᠤᠢ 

   ᠦᠯᠵᠡᠢᠳᠤᠭᠳᠤᠬᠤ ᠪᠠᠭᠰᠢ ᠲᠠᠢᠯᠤᠮᠵᠢ ᠬᠢᠵᠤ ᠪᠤᠢ 

 

 

 

 

   ᠪᠠᠭᠰᠢ ᠨᠠᠷ ᠰᠤᠷᠤᠯᠴᠠᠭᠰᠠᠨ ᠤᠢᠯᠭᠠᠯᠳᠠ ᠲᠦᠷᠦᠭᠳᠡᠯ ᠵᠢᠡᠨ ᠰᠤᠯᠢᠯᠴᠠᠵᠤ  ᠪᠤᠢ ᠃ ᠪᠠᠭᠰᠢ ᠵᠤᠤ ᠢᠦᠢ ᠯᠠᠨ ᠡᠴᠡ ᠰᠤᠷᠤᠯᠴᠠᠭᠰᠠᠨ ᠲᠦᠷᠦᠭᠳᠡᠯ ᠵᠢᠡᠨ ᠶᠠᠷᠢᠨ᠎ᠠ ᠃

 

   ᠪᠠᠭᠰᠢ ᠠᠵᠢᠯᠳᠠᠨ ᠳᠤ ᠲᠠᠷᠤᠮᠯᠠᠨ ᠲᠠᠷᠬᠠᠭᠠᠭᠰᠠᠨ ᠰᠢ ᠵᠢᠨ ᠫᠢᠩ ᠨᠦᠬᠦᠷ ᠦᠨ ᠶᠠᠷᠢᠶᠠᠨ ᠤ ᠨᠤᠤᠷᠠᠭ  

 

   ᠪᠦᠬᠦ ᠪᠠᠭᠰᠢ ᠨᠠᠷ ᠤᠨ ᠬᠠᠮᠳᠤ ᠶᠢᠨ ᠰᠤᠷᠤᠯᠴᠠᠯᠭ᠎ᠠ  

 

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )